ᠨᠢᠩᠴᠧᠩ ᠰᠢᠶᠠᠨ ᠤ ᠬᠤᠶᠠᠳᠤᠭᠠᠷ ᠬᠤᠭᠤᠴᠠᠭᠠᠨ ᠤ ᠠᠵᠢᠯᠲᠠᠨ ᠠᠵᠢᠯᠴᠢᠨ ᠤ ᠪᠡᠶ᠎ᠡ ᠶᠢᠨ ᠲᠠᠮᠢᠷ ᠤᠨ ᠴᠤᠭᠯᠠᠭᠠᠨ ᠤ ᠰᠠᠭᠰᠤᠨ ᠪᠥᠮᠪᠦᠭᠡ ᠶᠢᠨ ᠤᠷᠤᠯᠳᠤᠭᠠᠨ ᠲᠡᠭᠦᠰ ᠠᠮᠵᠢᠯᠲᠠ ᠲᠠᠢ ᠲᠡᠭᠦᠰᠪᠡ
ᠨᠡᠶᠢᠲᠡᠯᠡᠭᠰᠡᠨ ᠴᠠᠭ᠄
2024/9/12
     ᠤᠶᠢᠷ᠎ᠠ ᠶᠢᠨ ᠡᠳᠦᠷ᠂ ᠨᠢᠩᠴᠧᠩ ᠰᠢᠶᠠᠨ ᠤ ᠬᠤᠶᠠᠳᠤᠭᠠᠷ ᠬᠤᠭᠤᠴᠠᠭᠠᠨ ᠤ ᠠᠵᠢᠯᠲᠠᠨ ᠠᠵᠢᠯᠴᠢᠨ ᠤ ᠪᠡᠶ᠎ᠡ ᠶᠢᠨ ᠲᠠᠮᠢᠷ ᠤᠨ ᠴᠤᠭᠯᠠᠭᠠᠨ ᠤ ᠰᠠᠭᠰᠤᠨ ᠪᠥᠮᠪᠦᠭᠡ ᠶᠢᠨ ᠤᠷᠤᠯᠳᠤᠭᠠᠨ ᠨᠢᠩᠴᠧᠩ ᠤᠨ ᠪᠡᠶ᠎ᠡ ᠶᠢᠨ ᠲᠠᠮᠢᠷ ᠤᠨ ᠴᠡᠴᠡᠷᠯᠢᠭ ᠲᠤ ᠲᠡᠭᠦᠰ ᠠᠮᠵᠢᠯᠲᠠ ᠲᠠᠢ ᠥᠨᠳᠥᠷᠯᠡᠪᠡ᠃ ᠲᠣᠰ ᠤᠳᠠᠭᠠᠨ ᠤ ᠤᠷᠤᠯᠳᠤᠭᠠᠨ ᠳᠤ ᠨᠡᠶᠢᠲᠡ 36 ᠪᠥᠮᠪᠥᠭᠡᠨ ᠠᠩᠭᠢ ᠶᠢᠨ 432 ᠲᠠᠮᠢᠷᠴᠢᠨ ᠣᠷᠣᠯᠴᠠᠵᠤ᠂ 10 ᠲᠦᠮᠡ ᠭᠠᠷᠤᠶ ᠣᠯᠠᠨ ᠲᠦᠮᠡᠨ ᠲᠤᠬᠠᠶ ᠶᠢᠨ ᠲᠠᠯᠠᠪᠠᠶ ᠪᠠ ᠰᠦᠯᠵᠢᠶᠡᠨ ᠤ ᠰᠢᠭᠤᠳ ᠨᠡᠪᠲᠡᠷᠡᠭᠦᠯᠭᠡ ᠪᠠᠷ ᠳᠠᠮᠵᠢᠭᠤᠯᠤᠨ ᠤᠷᠤᠯᠳᠤᠭᠠᠨ ᠢ ᠰᠣᠨᠢᠷᠬᠠᠪᠠ᠃ ᠲᠣᠰ ᠤᠳᠠᠭᠠᠨ ᠤ ᠠᠵᠢᠯᠲᠠᠨ ᠠᠵᠢᠯᠴᠢᠨ ᠤ ᠰᠠᠭᠰᠤᠨ ᠪᠥᠮᠪᠦᠭᠡ ᠶᠢᠨ ᠤᠷᠤᠯᠳᠤᠭᠠᠨ ᠢ ᠡᠷᠬᠢᠯᠡᠭᠰᠡᠨ ᠨᠢ ᠪᠥᠬᠦ ᠰᠢᠶᠠᠨ ᠤ ᠥᠷᠭᠡᠨ ᠣᠯᠠᠨ ᠠᠵᠢᠯᠲᠠᠨ ᠠᠵᠢᠯᠴᠢᠨ ᠳᠤ ᠪᠡᠶ᠎ᠡ ᠴᠢᠭᠢᠷᠠᠭᠵᠢᠭᠤᠯᠬᠤ ᠠᠵᠢᠯᠯᠠᠭ᠎ᠠ ᠳᠤ ᠣᠷᠣᠯᠴᠠᠬᠤ᠂ ᠲᠠᠮᠢᠷ ᠤᠨ ᠬᠥᠳᠡᠯᠭᠡᠭᠡᠨ ᠤ ᠳᠤᠷ᠎ᠠ ᠰᠣᠨᠢᠷᠬᠠᠯ ᠢ ᠬᠥᠮᠦᠵᠢᠭᠦᠯᠬᠦ᠂ ᠡᠷᠡᠭᠦᠯ ᠳᠦᠷᠢ ᠲᠥᠷᠬᠦ ᠶᠢ ᠢᠯᠡᠷᠡᠭᠦᠯᠬᠦ ᠲᠠᠪᠴᠠᠩ ᠢ ᠪᠠᠶᠢᠭᠤᠯᠤᠨ ᠥᠭᠴᠦ᠂ ᠲᠠᠮᠢᠷ ᠤᠨ ᠬᠥᠳᠡᠯᠭᠡᠭᠡᠨ ᠳᠤ ᠪᠠᠭ᠋ᠠᠲᠠᠢ ᠠᠵᠢᠯᠲᠠᠨ ᠠᠵᠢᠯᠴᠢᠨ ᠳᠤ ᠪᠥᠮᠪᠥᠭᠡᠨ ᠮᠡᠷᠭᠡᠵᠢᠯ ᠢᠶᠠᠨ ᠰᠣᠯᠢᠯᠴᠠᠬᠤ᠂ ᠨᠥᠬᠦᠷᠯᠡᠯ ᠢᠶᠠᠨ ᠵᠤᠵᠠᠭᠠᠳᠬᠠᠬᠤ ᠲᠣᠬᠢᠶᠠᠯ ᠬᠠᠩᠭᠠᠵᠤ᠂ ᠥᠷᠭᠡᠨ ᠣᠯᠠᠨ ᠠᠵᠢᠯᠲᠠᠨ ᠠᠵᠢᠯᠴᠢᠨ ᠤ ᠰᠢᠨ᠎ᠡ ᠴᠠᠭ ᠦᠶ᠎ᠡ ᠶᠢᠨ ᠴᠤᠭ ᠵᠢᠪᠬᠤᠭ᠎ᠠ ᠪᠠ ᠣᠶᠤᠨ ᠰᠠᠨᠠᠭᠠᠨ ᠤ ᠳᠦᠷᠰᠦ ᠪᠠᠶᠢᠳᠠᠯ ᠢ ᠭᠦᠢᠴᠡᠳ ᠢᠯᠡᠷᠡᠭᠦᠯᠵᠦ᠂ ᠠᠵᠢᠯᠲᠠᠨ ᠠᠵᠢᠯᠴᠢᠨ ᠤ ᠡᠷᠡᠯᠬᠡᠭᠯᠡᠨ ᠲᠡᠮᠡᠴᠡᠬᠦ ᠵᠣᠷᠢᠭ ᠰᠠᠨᠠᠭ᠎ᠠ ᠶᠢ ᠤᠯᠠᠮ ᠨᠢᠭᠡ ᠠᠯᠬᠤᠮ ᠬᠥᠭᠵᠢᠭᠡᠵᠦ᠂ ᠬᠦᠴᠦᠷᠬᠡᠭ ᠶᠡᠭᠡ ᠨᠡᠶᠢᠯᠡᠮᠡᠯ ᠬᠦᠴᠦᠨ ᠢ ᠨᠢᠭᠲᠠᠷᠠᠭᠤᠯᠵᠤ᠂ ᠨᠢᠩᠴᠧᠩ ᠤᠨ ᠴᠢᠨᠠᠷ ᠰᠠᠶᠢᠲᠠᠶ ᠬᠥᠭᠵᠢᠯᠲᠡ ᠶᠢ ᠪᠥᠬᠦ ᠲᠠᠯ᠎ᠠ ᠪᠠᠷ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠳᠤ ᠰᠢᠨ᠎ᠡ ᠠᠮᠢᠵᠢᠷᠠᠯ ᠤᠨ ᠬᠦᠴᠦᠨ ᠨᠡᠮᠡᠷᠢᠯᠡᠪᠡ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000963号