| 2024 ᠣᠨ ᠤ 9 ᠰᠠᠷ᠎ᠠ ᠪᠣᠯ 41 ᠳ᠋ᠦ᠋ᠭᠡᠷ ᠪᠦᠬᠦ ᠣᠷᠣᠨ ᠤ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ | ᠠᠵᠢᠯᠯᠠᠭ᠎ᠠ ᠶᠢᠨ ᠰᠠᠷ᠎ᠠ ᠪᠣᠯᠤᠨ᠎ᠠ᠂ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠢ ᠤᠯᠠᠮ ᠴᠢᠨᠠᠭᠰᠢᠳᠠ | ᠪᠠᠳᠠᠷᠠᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠶᠢᠨ | ᠲᠥᠯᠥᠭᠡ᠂ 9 ᠰᠠᠷ᠎ᠠ ᠶᠢᠨ 10 ᠤ ᠡᠳᠦᠷ᠂ ᠰᠢᠶᠠᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ | ᠰᠢᠶᠠᠨ ᠤ ᠭᠤᠣᠯ ᠡᠮᠨᠡᠯᠭᠡ ᠶᠢᠨ ᠬᠤᠷᠢᠶ᠎ᠠ ᠰᠢᠶᠠᠨ ᠤ ᠨᠠᠮ ᠤᠨ ᠬᠤᠷᠢᠶᠠᠨ ᠤ ᠤᠬᠠᠭᠤᠯᠬᠤ ᠬᠡᠯᠲᠡᠰ᠂ ᠰᠢᠶᠠᠨ ᠤ | ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠲᠥᠪ ᠤᠨ ᠤᠷᠢᠶᠠᠯᠠᠭ᠎ᠠ ᠶᠢ ᠢᠳᠡᠪᠬᠢᠲᠡᠢ ᠴᠤᠤᠷᠢᠶᠠᠲᠤᠨ | ᠲᠠᠭᠠᠵᠤ᠂ ᠡᠮᠨᠡᠯᠭᠡ ᠶᠢᠨ ᠠᠵᠢᠯᠲᠠᠳ ᠢ ᠵᠣᠬᠢᠶᠠᠨ ᠪᠠᠶᠢᠭᠤᠯᠵᠤ ᠲᠡᠮᠤᠷ ᠵᠠᠮ ᠤᠨ ᠵᠡᠭᠦᠨᠳᠡᠬᠢ ᠵᠡᠭᠡᠯᠢ ᠭᠤᠳᠤᠮᠵᠢ ᠳᠤ | ᠬᠦᠷᠴᠦ ᠡᠮ ᠡᠮᠨᠡᠯᠭᠡ ᠡᠷᠡᠭᠦᠯ ᠮᠡᠨᠳᠦ ᠶᠢᠨ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠥᠷᠨᠢᠭᠦᠯᠵᠡᠢ᠃ | ᠨᠠᠰᠤᠲᠠᠶᠢᠴᠤᠳ ᠤᠨ ᠠᠵᠢᠯᠯᠠᠭᠠᠨ ᠤ ᠲᠥᠪ ᠲᠤ᠂ ᠪᠡᠭᠡᠵᠢᠩ ᠬᠤᠲᠠ ᠶᠢᠨ ᠱᠢ ᠵᠢᠩ ᠱᠠᠨ ᠡᠮᠨᠡᠯᠭᠡ ᠶᠢᠨ | ᠬᠤᠷᠢᠶᠠᠨ ᠤ ᠠᠵᠢᠯ ᠲᠥᠷᠥᠯ ᠤᠨ ᠰᠢᠰᠲ᠋ᠧᠮ ᠢᠶᠠᠷ ᠢᠶᠠᠨ ᠲᠤᠰᠠᠯᠠᠬᠤ ᠲᠤᠰᠬᠠᠶ ᠮᠡᠷᠭᠡᠵᠢᠯᠲᠡᠨ ᠭᠦᠸᠧ ᠯᠢᠩ ᠳ᠋ᠦᠩ | ᠵᠢᠴᠢ ᠡᠮᠨᠡᠯᠭᠡ ᠶᠢᠨ ᠬᠤᠷᠢᠶᠠᠨ ᠤ ᠵᠢᠷᠦᠬᠡᠨ ᠤ ᠳᠣᠲᠣᠷ ᠰᠠᠯᠠᠭ᠎ᠠ᠂ ᠡᠮᠴᠢᠯᠡᠭᠡᠨ ᠤ ᠰᠡᠳᠬᠢᠴᠡ ᠶᠢᠨ ᠰᠠᠯᠠᠭ᠎ᠠ᠂ | ᠰᠢᠩᠭᠡᠭᠡᠯᠲᠡ ᠶᠢᠨ ᠳᠣᠲᠣᠷ ᠰᠠᠯᠠᠭ᠎ᠠ᠂ ᠡᠪᠡᠳᠴᠢᠨ ᠡᠮᠭᠡᠭ ᠢ ᠡᠵᠡᠮᠳᠡᠬᠦ ᠰᠠᠯᠠᠭ᠎ᠠ ᠵᠡᠷᠭᠡ 8 ᠰᠠᠯᠠᠭ᠎ᠠ ᠲᠠᠰᠤᠭ ᠤᠨ | ᠡᠮᠴᠢᠯᠡᠭᠡᠨ ᠤ ᠲᠤᠰᠬᠠᠶ ᠮᠡᠷᠭᠡᠵᠢᠯᠲᠡᠨ ᠠᠯᠪᠠᠨ ᠵᠢᠷᠤᠮ ᠤᠨ ᠡᠮᠴᠢᠯᠡᠭᠡᠨ ᠤ ᠪᠦᠯᠬᠦᠮ ᠪᠠᠶᠢᠭᠤᠯᠵᠤ᠂ ᠰᠠᠭᠤᠭᠠᠯᠢ | ᠠᠷᠠᠳ ᠲᠤ ᠡᠪᠡᠳᠴᠢᠨ ᠡᠮᠭᠡᠭ ᠢ ᠠᠰᠠᠭᠤᠨ ᠯᠠᠪᠯᠠᠬᠤ᠂ ᠡᠷᠡᠭᠦᠯ ᠮᠡᠨᠳᠦ ᠶᠢᠨ ᠵᠥᠪᠯᠡᠯᠭᠡ ᠥᠭᠬᠦ ᠠᠵᠢᠯ ᠢ ᠨᠠᠷᠢᠨ | ᠬᠢᠨᠠᠮᠠᠭᠠᠶ ᠬᠢᠵᠦ᠂ ᠰᠠᠭᠤᠭᠠᠯᠢ ᠠᠷᠠᠳ ᠤᠨ ᠳᠤᠷᠠᠳᠤᠭᠰᠠᠨ ᠡᠳᠦᠷ ᠲᠤᠲᠤᠮ ᠤᠨ ᠡᠷᠡᠭᠦᠯ ᠮᠡᠨᠳᠦ ᠶᠢ ᠬᠠᠮᠠᠭᠠᠯᠠᠬᠤ᠂ | ᠵᠦᠶ ᠵᠣᠬᠢᠰᠲᠠᠶ ᠡᠮ ᠬᠡᠷᠡᠭᠯᠡᠬᠦ ᠵᠡᠷᠭᠡ ᠠᠰᠠᠭᠤᠳᠠᠯ ᠢ ᠨᠠᠷᠢᠨ ᠬᠢᠨᠠᠮᠠᠭᠠᠶ ᠬᠠᠷᠢᠭᠤᠯᠵᠤ᠂ ᠨᠠᠮᠤᠷ ᠤᠨ ᠤᠯᠠᠷᠢᠯ ᠤᠨ | ᠡᠪᠡᠳᠴᠢᠨ ᠡᠮᠭᠡᠭ ᠢ ᠰᠡᠷᠭᠡᠶᠢᠯᠡᠬᠦ ᠲᠠᠢ ᠤᠶᠠᠯᠳᠤᠭᠤᠯᠤᠨ ᠰᠠᠭᠤᠭᠠᠯᠢ ᠠᠷᠠᠳ ᠲᠤ ᠵᠦᠶ ᠵᠣᠬᠢᠰᠲᠠᠶ ᠰᠠᠨᠠᠭᠤᠯᠭ᠎ᠠ | ᠳᠤᠷᠠᠳᠬᠤ ᠶᠢᠨ ᠬᠠᠮᠲᠤ ᠰᠠᠭᠤᠭᠠᠯᠢ ᠠᠷᠠᠳ ᠲᠤ ᠡᠮ ᠡᠮᠨᠡᠯᠭᠡ ᠡᠷᠡᠭᠦᠯᠵᠢᠯ ᠤᠨ ᠮᠡᠳᠡᠯᠭᠡ ᠶᠢᠨ ᠤᠬᠠᠭᠤᠯᠭ᠎ᠠ ᠶᠢᠨ | ᠳᠡᠪᠲᠡᠷ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠤᠬᠠᠭᠤᠯᠭ᠎ᠠ ᠶᠢᠨ ᠬᠠᠭᠤᠳᠠᠰᠤ ᠵᠡᠷᠭᠡ ᠮᠠᠲ᠋ᠧᠷᠢᠶᠠᠯ ᠢ | ᠲᠠᠷᠬᠠᠭᠠᠪᠠ᠃ |