ᠨᠢᠩᠴᠧᠩ ᠰᠢᠶᠠᠨ 40 ᠳ᠋ᠤᠭᠡᠷ ᠪᠠᠭᠰᠢ ᠶᠢᠨ ᠪᠠᠶᠠᠷ ᠢ ᠪᠡᠯᠭᠡᠯᠡᠬᠦ ᠭᠤᠣᠯ ᠰᠡᠳᠦᠪᠲᠦ ᠬᠠᠮᠲᠤᠷᠠᠭᠰᠠᠨ ᠲᠣᠭᠯᠠᠯᠲᠠ ᠶᠢ ᠮᠣᠩᠭᠤᠯ ᠦᠨᠳᠦᠰᠦᠲᠡᠨ ᠤ ᠳᠤᠮᠳᠠᠳᠤ ᠰᠤᠷᠭᠠᠭᠤᠯᠢ ᠳᠤ ᠦᠪᠡᠳᠡᠭᠰᠢ ᠶᠡᠭᠡ ᠪᠠᠷ ᠡᠷᠬᠢᠯᠡᠪᠡ
ᠨᠡᠶᠢᠲᠡᠯᠡᠭᠰᠡᠨ ᠴᠠᠭ᠄
2024/9/12
    ᠭᠤᠣᠯ ᠰᠡᠳᠦᠪᠲᠦ ᠲᠣᠭᠯᠠᠯᠲᠠ ᠨᠢ ᠭᠤᠷᠪᠠᠨ ᠪᠦᠯᠦᠭ ᠢᠶᠠᠷ ᠪᠦᠷᠢᠯᠳᠦᠵᠦ᠂ ᠲᠣᠭᠯᠠᠯᠲᠠ ᠶᠢᠨ ᠬᠡᠯᠪᠡᠷᠢ ᠨᠢ ᠤᠯᠠᠨ ᠶᠠᠩᠵᠤ᠂ ᠠᠭᠤᠯᠭ᠎ᠠ ᠨᠢ ᠪᠠᠶᠠᠯᠢᠭ ᠪᠠᠶᠢᠵᠤ᠂ ᠲᠣᠭᠯᠠᠯᠲᠠ ᠳᠤ ᠣᠷᠣᠯᠴᠠᠭᠰᠠᠨ ᠪᠠᠭᠰᠢ ᠪᠣᠯᠤᠨ ᠰᠤᠷᠤᠭᠴᠢᠳ ᠳᠠᠭᠤᠤ᠂ ᠪᠥᠵᠢᠭ᠂ ᠰᠢ ᠵᠦᠴᠦᠭᠡ᠂ ᠬᠥᠭᠵᠢᠮ ᠵᠡᠷᠭᠡ ᠤᠯᠠᠨ ᠵᠦᠢᠯ ᠤᠨ ᠤᠷᠠᠯᠢᠭ ᠤᠨ ᠬᠡᠯᠪᠡᠷᠢ ᠪᠠᠷ ᠪᠠᠭᠰᠢ ᠨᠠᠷ ᠤᠨ ᠪᠠᠶᠠᠷ ᠤᠨ ᠡᠳᠦᠷ ᠢ ᠪᠡᠯᠡᠭᠯᠡᠪᠡ᠃ ᠠᠶᠢᠵᠠᠮ ᠴᠣᠬᠢᠯᠭ᠎ᠠ ᠨᠢ ᠲᠦᠷᠭᠡᠨ ᠪᠥᠭᠡᠳ ᠬᠦᠴᠦᠲᠡᠶ ᠪᠥᠵᠢᠭ᠂ ᠣᠷᠭᠢᠯᠤᠮ᠎ᠠ ᠬᠠᠯᠠᠭᠤᠨ ᠪᠥᠭᠡᠳ ᠢᠷᠠᠭᠤ ᠰᠠᠶᠢᠬᠠᠨ ᠳᠠᠭᠤᠤ ᠬᠥᠭᠵᠢᠮ᠂ ᠠᠷᠢᠭᠤᠨ ᠴᠡᠪᠡᠷ ᠪᠥᠭᠡᠳ ᠲᠤᠩᠭᠠᠯᠠᠭ ᠳᠠᠭᠤᠤ ᠨᠤᠭᠤᠳ ᠨᠢ ᠰᠤᠷᠭᠠᠨ ᠬᠥᠮᠦᠵᠢᠯ ᠤᠨ ᠠᠵᠢᠯᠲᠠᠳ ᠤᠨ ᠬᠦᠰᠡᠯ ᠵᠡᠭᠦᠳᠦ ᠪᠠᠨ ᠪᠠᠲᠤ ᠰᠠᠬᠢᠬᠤ ᠪᠠ ᠰᠤᠷᠭᠠᠨ ᠬᠥᠮᠦᠵᠢᠯ ᠤᠨ ᠦᠢᠯᠡᠰ ᠤᠨ ᠲᠤᠬᠠᠶ ᠬᠠᠶᠢᠷ᠎ᠠ ᠰᠡᠳᠬᠢᠯᠭᠡ ᠶᠢ ᠬᠠᠷᠠᠭᠤᠯᠵᠠᠶ᠃ ᠣᠶᠢᠷ᠎ᠠ ᠶᠢᠨ ᠵᠢᠯ ᠳᠤ᠂ ᠨᠢᠩᠴᠧᠩ ᠰᠢᠶᠠᠨ ᠰᠤᠷᠭᠠᠨ ᠬᠥᠮᠦᠵᠢᠯ ᠢ ᠡᠩ ᠲᠡᠷᠢᠭᠦᠨ ᠳᠤ ᠬᠥᠭᠵᠢᠭᠦᠯᠬᠦ ᠪᠠᠶᠢᠯᠳᠤᠬᠤ ᠪᠣᠳᠣᠯᠭ᠎ᠠ ᠶᠢ ᠡᠷᠡᠰ ᠭᠤᠶᠢᠪᠢᠰᠢ ᠦᠭᠡᠢ ᠬᠡᠷᠡᠭᠵᠢᠭᠦᠯᠵᠦ᠂ ᠰᠤᠷᠭᠠᠨ ᠬᠥᠮᠦᠵᠢᠯ ᠤᠨ ᠣᠷᠣᠭᠤᠯᠤᠯᠲᠠ ᠲᠠᠰᠤᠷᠠᠯᠲᠠ ᠦᠭᠡᠢ ᠨᠡᠮᠡᠭᠳᠡᠵᠦ᠂ ᠰᠤᠷᠭᠠᠭᠤᠯᠢ ᠡᠷᠬᠢᠯᠡᠬᠦ ᠨᠥᠬᠦᠴᠡᠯ ᠲᠣᠭᠲᠠᠭᠤᠨ ᠢᠶᠠᠷ ᠰᠠᠶᠢᠵᠢᠷᠠᠵᠤ᠂ ᠪᠦᠬᠦ ᠰᠢᠶᠠᠨ ᠤ ᠰᠤᠷᠭᠠᠨ ᠬᠥᠮᠦᠵᠢᠯ ᠤᠨ ᠦᠢᠯᠡᠰ ᠲᠦᠷᠭᠡᠨ ᠳᠠᠪᠰᠢᠯᠲᠠ ᠪᠠ ᠢᠯᠡᠳᠲᠡ ᠠᠮᠵᠢᠯᠲᠠ ᠣᠯᠵᠠᠢ᠃ ᠡᠨᠡ ᠵᠢᠯ ᠠᠴᠠ ᠨᠠᠭᠠᠰᠢ 4 ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠵᠤ᠂ ᠲᠠᠪᠤᠳᠤᠭᠠᠷ ᠳᠤᠮᠳᠠᠳᠤ ᠰᠤᠷᠭᠠᠭᠤᠯᠢ᠂ ᠲᠠᠪᠤᠳᠤᠭᠠᠷ ᠪᠠᠭ᠎ᠠ ᠰᠤᠷᠭᠠᠭᠤᠯᠢ ᠶᠢ ᠵᠠᠯᠭᠠᠭ᠎ᠠ ᠪᠠᠷ ᠠᠰᠢᠭᠯᠠᠯᠲᠠ ᠳᠤ ᠣᠷᠣᠭᠤᠯᠵᠤ᠂ 3690 ᠮᠡᠷᠭᠡᠵᠢᠯ ᠤᠨ ᠴᠣᠯᠠ ᠶᠢ ᠰᠢᠨ᠎ᠡ ᠪᠠᠷ ᠨᠡᠮᠡᠭᠳᠡᠭᠦᠯᠵᠦ᠂ ᠰᠤᠷᠭᠠᠭᠤᠯᠢ ᠡᠷᠭᠢᠯᠡᠬᠦ ᠨᠥᠬᠦᠴᠡᠯ ᠢ ᠢᠯᠡᠳᠲᠡ ᠰᠠᠶᠢᠵᠢᠷᠠᠭᠤᠯᠪᠠ᠃ 134 ᠪᠠᠭᠰᠢ ᠶᠢ ᠢᠯᠡ ᠪᠠᠷ ᠡᠯᠰᠡᠵᠦ᠂ 21 ᠰᠤᠷᠭᠠᠨ ᠬᠥᠮᠦᠵᠢᠯ ᠤᠨ ᠴᠢᠳᠠᠪᠤᠷᠢᠲᠠᠨ ᠢ ᠣᠷᠣᠭᠤᠯᠤᠨ ᠠᠪᠴᠢᠷᠠᠵᠤ᠂ ᠪᠠᠭᠰᠢ ᠶᠢᠨ ᠡᠩᠨᠡᠭᠡ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠪᠡ᠃ ᠶᠡᠭᠡ ᠳᠡᠭᠡᠳᠦ ᠰᠤᠷᠭᠠᠭᠤᠯᠢ ᠳᠤ ᠰᠢᠯᠭᠠᠭᠤᠯᠬᠤ ᠰᠢᠯᠭᠠᠯᠲᠠ ᠶᠢᠨ ᠬᠢᠷᠢ ᠪᠦᠲᠦᠮᠵᠢ ᠳᠡᠭᠡᠷ᠎ᠡ ᠵᠢᠯ ᠤᠨ ᠬᠢ ᠠᠴᠠ ᠢᠯᠡᠳᠲᠡ ᠰᠢᠪᠲᠤᠯᠤᠯᠲᠠ ᠲᠠᠢ᠂ ᠴᠢᠩᠬᠤᠸᠠ ᠪᠡᠭᠡᠵᠢᠩ ᠶᠡᠭᠡ ᠰᠤᠷᠭᠠᠭᠤᠯᠢ ᠳᠤ 2 ᠰᠤᠷᠤᠬᠴᠢ ᠡᠯᠰᠡᠭᠳᠡᠪᠡ᠃ ᠲᠠᠷᠠᠭᠠᠴᠢ ᠶᠢᠨ ᠠᠯᠬᠤᠮ ᠳᠤ ᠮᠠᠨ ᠤ ᠰᠢᠶᠠᠨ ᠬᠥᠮᠦᠨ ᠬᠥᠮᠦᠵᠢᠭᠦᠯᠬᠦ ᠠᠷᠭ᠎ᠠ ᠬᠡᠯᠪᠡᠷᠢ᠂ ᠰᠤᠷᠭᠠᠭᠤᠯᠢ ᠡᠷᠭᠢᠯᠡᠬᠦ ᠵᠠᠭᠪᠤᠷ᠂ ᠬᠠᠮᠢᠶᠠᠷᠤᠯᠲᠠ ᠶᠢᠨ ᠪᠠᠶᠢᠭᠤᠯᠤᠮᠵᠢ᠂ ᠪᠠᠲᠤᠯᠠᠭ᠎ᠠ ᠶᠢᠨ ᠲᠣᠭᠲᠠᠴᠠ ᠶᠢᠨ ᠥᠭᠡᠷᠡᠴᠢᠯᠡᠯᠲᠡ ᠶᠢ ᠨᠢᠭᠡᠳᠦᠯᠲᠡᠶ ᠲᠥᠯᠥᠪᠯᠡᠨ ᠠᠬᠢᠭᠤᠯᠵᠤ᠂ ᠪᠠᠭᠰᠢ ᠶᠢᠨ ᠮᠣᠷᠠᠯ ᠪᠠᠭᠰᠢ ᠶᠢᠨ ᠰᠤᠷᠲᠠᠯ ᠤᠨ ᠪᠠᠶᠢᠭᠤᠯᠤᠯᠲᠠ ᠶᠢᠨ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠦᠷᠢᠨᠰᠢᠬᠦᠯᠵᠦ᠂ ᠪᠠᠭᠰᠢ ᠶᠢᠨ ᠮᠣᠷᠠᠯ ᠪᠠᠭᠰᠢ ᠶᠢᠨ ᠰᠤᠷᠲᠠᠯ ᠤᠨ ᠪᠠᠶᠢᠭᠤᠯᠤᠯᠲᠠ ᠥᠨᠳᠥᠷ᠂ ᠲᠤᠬᠠᠶᠢᠯᠠᠭᠰᠠᠨ ᠠᠵᠢᠯ ᠳᠠᠭᠠᠨ ᠴᠠᠭᠠᠷᠠᠭᠰᠠᠨ᠂ ᠪᠦᠲᠦᠴᠡ ᠨᠢ ᠵᠦᠶ ᠵᠣᠬᠢᠰᠲᠠᠶ᠂ ᠠᠮᠢᠵᠢᠷᠠᠯ ᠤᠨ ᠬᠦᠴᠦᠨ ᠢᠶᠠᠷ ᠪᠢᠯᠬᠠᠮ᠎ᠠ ᠥᠨᠳᠥᠷ ᠬᠡᠪ ᠪᠣᠯᠪᠠᠰᠤᠷᠠᠯ ᠲᠠᠢ ᠲᠤᠰᠬᠠᠶᠢᠵᠢᠭᠰᠠᠨ ᠪᠠᠭᠰᠢ ᠶᠢᠨ ᠡᠩᠨᠡᠭᠡ ᠶᠢ ᠬᠥᠮᠦᠵᠢᠭᠦᠯᠦᠨ ᠪᠣᠶ ᠪᠣᠯᠭᠠᠵᠤ᠂ ᠬᠠᠳᠠᠭᠠᠰᠤ ᠬᠠᠳᠠᠬᠤ ᠵᠣᠷᠢᠭ ᠰᠠᠨᠠᠭ᠎ᠠ ᠪᠠᠷ ᠰᠤᠷᠭᠠᠨ ᠬᠥᠮᠦᠵᠢᠯ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠵᠤ᠂ ᠠᠷᠠᠳ ᠲᠦᠮᠡᠨ ᠤ ᠰᠡᠳᠬᠢᠯ ᠬᠠᠨᠤᠮᠵᠢᠲᠠᠶ ᠰᠤᠷᠭᠠᠨ ᠬᠥᠮᠦᠵᠢᠯ ᠢ ᠰᠠᠶᠢᠲᠤᠷ ᠡᠷᠭᠢᠯᠡᠵᠦ᠂ ᠰᠤᠷᠭᠠᠨ ᠬᠥᠮᠦᠵᠢᠯ ᠤᠨ ᠬᠦᠴᠦᠷᠬᠡᠭ ᠤᠯᠤᠰ ᠢ ᠪᠥᠲᠥᠭᠡᠨ ᠪᠠᠶᠢᠭᠤᠯᠬᠤ ᠨᠢᠩᠴᠧᠩ ᠤᠨ ᠬᠠᠭᠤᠳᠠᠰᠤ ᠶᠢ ᠴᠢᠷᠮᠠᠶᠢᠨ ᠪᠢᠴᠢᠭᠯᠡᠨ᠎ᠡ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000963号