ᠨᠢᠩᠴᠧᠩ ᠤᠨ ᠨᠡᠷᠡᠲᠦ ᠲᠡᠮᠳᠡᠭᠲᠦ ᠤᠯᠤᠰ ᠤᠨ ᠳᠡᠰ ᠤᠨ ᠢᠷᠠᠭᠤ ᠠᠯᠳᠠᠷ ᠢ ᠬᠦᠷᠲᠡᠪᠡ
ᠨᠡᠶᠢᠲᠡᠯᠡᠭᠰᠡᠨ ᠴᠠᠭ᠄
2024/9/14
     ᠤᠶᠢᠷ᠎ᠠ ᠶᠢᠨ ᠡᠳᠤᠷ᠂ 2024 ᠣᠨ ᠤ ᠪᠥᠬᠦ ᠤᠯᠤᠰ ᠤᠨ ᠨᠠᠷᠠᠲᠤ ᠣᠨᠴᠠ ᠰᠢᠯᠢᠳᠡᠭ ᠰᠢᠨ᠎ᠡ ᠲᠠᠷᠢᠶᠠᠯᠠᠩ ᠤᠨ ᠪᠦᠲᠦᠭᠡᠭᠳᠡᠬᠦᠨ ᠤ ᠦᠢᠯᠡᠳᠪᠦᠷᠢᠯᠡᠯ ᠪᠣᠷᠣᠯᠠᠭᠤᠯᠭ᠎ᠠ ᠶᠢ ᠵᠣᠯᠭᠠᠭᠤᠯᠬᠤ ᠠᠵᠢᠯᠯᠠᠭ᠎ᠠ ᠱᠠᠨᠳᠦ᠋ᠩ ᠤᠨ ᠵᠢᠨᠠᠨ ᠤ ᠬᠤᠸᠠᠩ ᠾᠧ ᠣᠯᠠᠨ ᠤᠯᠤᠰ ᠤᠨ ᠬᠤᠷᠠᠯ ᠦᠵᠡᠰᠬᠦᠯᠡᠩ ᠤᠨ ᠲᠥᠪ ᠲᠤ ᠶᠠᠪᠤᠭᠳᠠᠪᠠ᠃ ᠥᠪᠥᠷ ᠮᠣᠩᠭᠤᠯ ᠤᠨ ᠰᠠᠢ ᠹᠸᠢ ᠶᠠ ᠲᠠᠷᠢᠶᠠᠯᠠᠩ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠥᠭᠵᠢᠯᠲᠡ ᠶᠢᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠶᠢᠨ ︽ᠨᠢᠩᠴᠧᠩ ᠤᠨ ᠲᠠᠯ᠎ᠠ ᠨᠤᠲᠤᠭ ᠤᠨ ᠨᠤᠭᠤᠰᠤ︾ ᠦᠵᠡᠰᠬᠦᠯᠡᠩ ᠳᠤ ᠣᠷᠣᠯᠴᠠᠭᠰᠠᠨ ᠪᠥᠭᠡᠳ 2024 ᠣᠨ ᠤ ᠪᠥᠬᠦ ᠤᠯᠤᠰ ᠤᠨ ᠨᠠᠷᠠᠲᠤ ᠣᠨᠴᠠ ᠰᠢᠯᠢᠳᠡᠭ ᠰᠢᠨ᠎ᠡ ᠲᠠᠷᠢᠶᠠᠯᠠᠩ ᠤᠨ ᠪᠦᠲᠦᠭᠡᠭᠳᠡᠬᠦᠨ ᠤ ᠦᠢᠯᠡᠳᠪᠦᠷᠢᠯᠡᠯ ᠪᠣᠷᠣᠯᠠᠭᠤᠯᠭ᠎ᠠ ᠶᠢ ᠵᠣᠯᠭᠠᠭᠤᠯᠬᠤ ᠠᠵᠢᠯᠯᠠᠭ᠎ᠠ ᠳᠤ ︽ᠬᠠᠮᠤᠭ ᠤᠨ ᠬᠦᠷᠢᠶᠡᠯᠡᠯ ᠲᠠᠢ ᠪᠦᠲᠦᠭᠡᠭᠳᠡᠬᠦᠨ︾ ᠤ ᠱᠠᠩᠨᠠᠯ ᠢ ᠭᠥᠷᠳᠡᠪᠡ᠃    ︽ᠨᠢᠩᠴᠧᠩ ᠤᠨ ᠲᠠᠯ᠎ᠠ ᠨᠤᠲᠤᠭ ᠤᠨ ᠨᠤᠭᠤᠰᠤ︾ ᠨᠢ ᠲᠡᠭᠦᠨ ᠤ  ᠪᠣᠶᠢᠵᠢᠯᠲᠠ ᠶᠢᠨ ᠣᠷᠴᠢᠨ ᠲᠣᠭᠤᠷᠢᠨ ᠤ ᠣᠨᠴᠠ ᠴᠢᠨᠠᠷ᠂ ᠤᠰᠤᠨ ᠤ ᠡᠬᠢ ᠰᠤᠷᠪᠤᠯᠵᠢ ᠶᠢᠨ ᠣᠨᠴᠠ ᠴᠢᠨᠠᠷ ᠵᠡᠷᠭᠡ ᠪᠠᠶᠢᠭᠠᠯᠢ ᠶᠢᠨ ᠨᠥᠬᠦᠴᠡᠯ ᠠᠴᠠ ᠪᠣᠯᠤᠭᠰᠠᠨ ᠪᠥᠭᠡᠳ ᠰᠢᠨᠵᠢᠯᠡᠬᠦ ᠤᠬᠠᠭᠠᠨᠴᠢ ᠪᠠᠷ ᠲᠡᠵᠢᠭᠡᠨ ᠠᠷᠠᠴᠢᠯᠠᠬᠤ ᠬᠠᠮᠢᠶᠠᠷᠤᠯᠲᠠ ᠨᠢ ᠪᠤᠰᠤᠳ ᠮᠢᠬ᠎ᠠ ᠨᠤᠭᠤᠰᠤᠨ ᠤ ᠤᠳᠤᠮ ᠲᠠᠢ ᠡᠷᠡᠰ ᠣᠨᠳᠣᠣ ᠪᠠᠶᠢᠳᠠᠭ ᠥᠪᠡᠷᠮᠢᠴᠡ ᠴᠢᠨᠠᠷ ᠴᠢᠨᠰᠠᠭ᠎ᠠ ᠶᠢ ᠪᠤᠢ ᠪᠣᠯᠭᠠᠭᠰᠠᠨ ᠪᠠᠶᠢᠨ᠎ᠠ᠃ ᠬᠠᠷ᠎ᠠ ᠮᠢᠬᠠᠨ ᠤ ᠬᠡᠮᠵᠢᠶ᠎ᠡ ᠨᠢ ᠥᠨᠳᠥᠷ᠂ ᠴᠡᠭᠡᠵᠢᠨ ᠤ ᠪᠤᠯᠴᠢᠩ᠂ ᠬᠥᠯ ᠤᠨ ᠪᠤᠯᠴᠢᠩ ᠤᠨ ᠬᠡᠮᠵᠢᠶ᠎ᠡ ᠨᠢ ᠥᠨᠳᠥᠷ ᠮᠥᠷᠲᠡᠭᠡᠨ ᠠᠷᠠᠰᠤᠨ ᠤ ᠥᠭᠡᠬᠦᠨ ᠤ ᠬᠡᠮᠵᠢᠶ᠎ᠡ ᠨᠢ ᠪᠠᠭ᠎ᠠ᠂ ᠬᠡᠪᠡᠯᠢ ᠶᠢᠨ ᠥᠭᠡᠬᠦᠨ ᠤ ᠠᠭᠤᠯᠤᠭᠳᠠᠴᠠ ᠨᠢ ᠪᠠᠭ᠎ᠠ ᠵᠡᠷᠭᠡ ᠣᠨᠴᠠᠯᠢᠭ ᠨᠢ ᠮᠢᠬᠠᠨ ᠤ ᠴᠢᠨᠠᠷ ᠨᠢ ᠨᠠᠷᠢᠯᠢᠭ᠂ ᠪᠤᠯᠴᠢᠩ ᠤᠨ ᠬᠤᠭᠤᠷᠣᠨᠳᠣᠬᠢ ᠥᠭᠡᠬᠦᠨ ᠤ ᠠᠭᠤᠯᠤᠭᠳᠠᠴᠠ ᠨᠢ ᠥᠨᠳᠥᠷ᠂ ᠥᠪᠡᠷᠮᠢᠴᠡ ᠦᠨᠦᠷ ᠠᠮᠲᠠ ᠲᠠᠢ ᠪᠠᠶᠢᠳᠠᠭ᠃ ︽ᠨᠢᠩᠴᠧᠩ ᠤᠨ ᠲᠠᠯ᠎ᠠ ᠨᠤᠲᠤᠭ ᠤᠨ ᠨᠤᠭᠤᠰᠤ︾ ᠶᠢᠨ ᠰᠢᠷᠢᠰ ᠪᠦᠲᠦᠭᠡᠭᠳᠡᠬᠦᠨ ᠨᠢ ᠤᠯᠤᠰ ᠤᠨ ᠪᠣᠬᠢᠷᠲᠤᠯ ᠥᠬᠡᠶ ᠢᠳᠡᠭᠡᠨ ᠤ ᠬᠥᠭᠵᠢᠯᠲᠡ ᠶᠢᠨ ᠲᠥᠪ ᠠᠴᠠ ᠪᠣᠬᠢᠷᠲᠤᠯ ᠥᠬᠡᠶ ᠢᠳᠡᠭᠡᠨ ᠤ A ᠲᠠᠰ ᠤᠨ ᠪᠦᠲᠦᠭᠡᠭᠳᠡᠬᠦᠨ ᠢᠶᠠᠷ ᠦᠨᠡᠯᠡᠭᠳᠡᠵᠦ᠂ 2015 ᠣᠨ ᠤ ︽ᠨᠢᠩᠴᠧᠩ ᠤᠨ ᠲᠠᠯ᠎ᠠ ᠨᠤᠲᠤᠭ ᠤᠨ ᠨᠤᠭᠤᠰᠤ︾ ᠶᠢᠨ ᠭᠠᠵᠠᠷ ᠵᠦᠶ ᠶᠢᠨ ᠲᠡᠮᠳᠡᠭ ᠢᠶᠠᠷ ᠭᠡᠷᠡᠴᠢᠯᠡᠭᠰᠡᠨ ᠲᠠᠸᠠᠷ ᠤᠨ ᠲᠡᠮᠳᠡᠭ ᠢ ᠠᠮᠵᠢᠯᠲᠠ ᠲᠠᠢ ᠳᠠᠩᠰᠠᠯᠠᠭᠤᠯᠵᠤ᠂ 2019 ᠣᠨ ᠤ ︽ᠨᠢᠩᠴᠧᠩ ᠤᠨ ᠲᠠᠯ᠎ᠠ ᠨᠤᠲᠤᠭ ᠤᠨ ᠨᠤᠭᠤᠰᠤ︾ ᠶᠢ ᠪᠥᠬᠦ ᠤᠯᠤᠰ ᠤᠨ ᠨᠠᠷᠠᠲᠤ ᠣᠨᠴᠠ ᠰᠢᠯᠢᠳᠡᠭ ᠰᠢᠨ᠎ᠡ ᠲᠠᠷᠢᠶᠠᠯᠠᠩ ᠤᠨ ᠪᠦᠲᠦᠭᠡᠭᠳᠡᠬᠦᠨ ᠤ ᠭᠠᠷᠴᠠᠭ ᠲᠤ ᠣᠷᠣᠭᠤᠯᠵᠤ᠂ 2023 ᠣᠨ ᠤ ︽ᠨᠢᠩᠴᠧᠩ ᠤᠨ ᠲᠠᠯ᠎ᠠ ᠨᠤᠲᠤᠭ ᠤᠨ ᠨᠤᠭᠤᠰᠤ︾ ᠶᠢᠨ ᠥᠪᠥᠷ ᠮᠣᠩᠭᠤᠯ ᠤᠨ ᠨᠠᠷᠠᠲᠤ ᠲᠡᠮᠳᠡᠭᠲᠦ ᠶᠢᠨ ᠭᠠᠷᠴᠠᠭ ᠤᠨ ᠪᠦᠲᠦᠭᠡᠭᠳᠡᠬᠦᠨ ᠤ ᠨᠠᠷᠠᠲᠤ ᠲᠡᠮᠳᠡᠭ ᠲᠤ ᠰᠣᠩᠭᠤᠭᠳᠠᠭᠰᠠᠨ ᠪᠠᠶᠢᠨ᠎ᠠ᠃    ᠥᠪᠥᠷ ᠮᠣᠩᠭᠤᠯ ᠤᠨ ᠨᠠᠷᠠᠲᠤ ᠲᠡᠮᠳᠡᠭ ᠪᠣᠯᠤᠭᠰᠠᠨ ᠤ ᠬᠤᠪᠢ ᠳᠤ᠂ ︽ᠨᠢᠩᠴᠧᠩ ᠤᠨ ᠲᠠᠯ᠎ᠠ ᠨᠤᠲᠤᠭ ᠤᠨ ᠨᠤᠭᠤᠰᠤ︾ ᠨᠢ ᠶᠠᠰᠤ ᠴᠢᠨᠠᠷ ᠨᠢ ᠭᠠᠷᠮᠠᠭᠠᠶ ᠪᠥᠭᠡᠳ ᠠᠮᠲᠠ ᠰᠢᠮᠲᠡ ᠨᠢ ᠰᠠᠶᠢᠨ ᠪᠠᠶᠢᠬᠤ ᠪᠠᠷ ᠪᠠᠷᠠᠬᠤ ᠥᠬᠡᠶ᠂ ᠪᠦᠲᠦᠭᠡᠭᠳᠡᠬᠦᠨ ᠨᠢ ᠣᠯᠠᠨ ᠶᠠᠩᠵᠤ ᠶᠢᠨ ᠪᠠᠶᠢᠵᠦ᠂ ᠬᠡᠷᠡᠭᠯᠡᠭᠴᠢᠳ ᠲᠤ ᠡᠯᠪᠡᠭ ᠪᠠᠶᠠᠯᠢᠭ ᠣᠯᠠᠨ ᠶᠠᠩᠵᠤ ᠶᠢᠨ ᠰᠣᠩᠭᠤᠯᠲᠠ ᠬᠠᠩᠭᠠᠪᠠ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000963号