2021 ᠣᠨ ᠤ ᠲᠥᠪ ᠠᠴᠠ ᠮᠠᠯᠵᠢᠬᠤ ᠲᠠᠷᠢᠶᠠᠯᠠᠬᠤ ᠣᠷᠣᠨ ᠤ ᠵᠣᠷᠯᠣᠩ ᠤᠨ ᠬᠤᠪᠢᠰᠬᠠᠯ ᠤᠨ ᠡᠳ᠋ ᠤᠨ ᠵᠠᠰᠠᠭ ᠤᠨ ᠱᠠᠩᠨᠠᠯ ᠨᠥᠬᠦᠪᠥᠷᠢ ᠶᠢᠨ ᠪᠠᠯᠠ ᠮᠥᠩᠭᠦ ᠶᠢ ᠪᠠᠭᠤᠯᠭᠠᠬᠤ ᠲᠤᠬᠠᠶ ᠮᠡᠳᠡᠭᠳᠡᠯ
ᠨᠡᠶᠢᠲᠡᠯᠡᠭᠰᠡᠨ ᠴᠠᠭ᠄
2024/9/18
    ᠬᠠᠮᠢᠶ᠎ᠠ ᠪᠥᠬᠦᠶ ᠪᠠᠯᠭᠠᠰᠤ ᠰᠢᠶᠠᠩ ᠤᠨ ᠵᠠᠰᠠᠭ ᠤᠨ ᠣᠷᠳᠣᠨ᠂ ᠵᠡᠭᠡᠯᠢ ᠭᠤᠳᠤᠮᠵᠢ ᠶᠢᠨ ᠬᠠᠮᠢᠶᠠᠷᠤᠯᠲᠠ ᠶᠢᠨ ᠠᠯᠪᠠᠨ ᠬᠡᠷ᠄    ︽ᠤᠯᠠᠭᠠᠨᠬᠠᠳᠠ ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ 2024 ᠣᠨ ᠤ ᠲᠥᠪ ᠤᠨ ᠮᠠᠯᠵᠢᠬᠤ ᠲᠠᠷᠢᠶᠠᠯᠠᠬᠤ ᠣᠷᠣᠨ ᠤ ᠵᠣᠷᠯᠣᠩ ᠤᠨ ᠬᠤᠪᠢᠰᠬᠠᠯ ᠤᠨ ᠡᠳ᠋ ᠤᠨ ᠵᠠᠰᠠᠭ ᠤᠨ ᠱᠠᠩᠨᠠᠯ ᠨᠥᠬᠦᠪᠥᠷᠢ ᠶᠢᠨ ᠪᠠᠯᠠ ᠮᠥᠩᠭᠦ ᠶᠢ ᠳᠡᠮᠵᠢᠬᠦ ᠮᠡᠳᠡᠭᠳᠡᠯ︾ ︵ᠤᠯᠠᠭᠠᠨᠬᠠᠳᠠ ᠡᠳ᠋ ᠤᠨ ᠵᠠᠰᠠᠭ ᠲᠠᠷᠢᠶᠠᠯᠠᠩ ︹2020︺ 318 ᠳ᠋ᠤᠭᠠᠷ ᠲᠣᠭᠠᠲᠤ︶ ᠤᠨ ᠪᠢᠴᠢᠭ ᠮᠠᠲ᠋ᠧᠷᠢᠶᠠᠯ ᠢ ᠦᠨᠳᠦᠰᠦᠯᠡᠨ᠂ ᠣᠲᠣ ᠲᠠᠨ ᠤ ᠨᠢᠭᠡᠴᠡ ᠶᠢᠨ 2024 ᠣᠨ ᠤ ᠲᠥᠪ ᠠᠴᠠ ᠮᠠᠯᠵᠢᠬᠤ ᠲᠠᠷᠢᠶᠠᠯᠠᠬᠤ ᠣᠷᠣᠨ ᠤ ᠵᠣᠷᠯᠣᠩ ᠤᠨ ᠬᠤᠪᠢᠰᠬᠠᠯ ᠤᠨ ᠡᠳ᠋ ᠤᠨ ᠵᠠᠰᠠᠭ ᠤᠨ ᠱᠠᠩᠨᠠᠯ ᠨᠥᠬᠦᠪᠥᠷᠢ ᠶᠢᠨ ᠪᠠᠯᠠ ᠮᠥᠩᠭᠦ ᠶᠢ 733 ᠲᠦᠮᠡᠨ ᠲᠥᠭᠦᠷᠢᠭ ᠪᠠᠭᠤᠯᠭᠠᠪᠠ᠃     ᠪᠢᠴᠢᠭ ᠮᠠᠲ᠋ᠧᠷᠢᠶᠠᠯ ᠢ ᠬᠦᠯᠢᠶᠡᠨ ᠠᠪᠤᠭᠰᠠᠨ ᠤ ᠳᠠᠷᠠᠭ᠎ᠠ᠂ ᠠᠮᠵᠢᠯᠲᠠ ᠪᠦᠲᠦᠮᠵᠢ ᠶᠢᠨ ᠬᠠᠷᠠᠯᠲᠠᠲᠤ ᠬᠠᠮᠢᠶᠠᠷᠤᠯᠲᠠ ᠶᠢ ᠰᠠᠶᠢᠲᠤᠷ ᠬᠢᠵᠦ᠂ ᠪᠡᠯᠡ ᠮᠥᠩᠭᠦ ᠰᠠᠯᠭᠠᠨ ᠥᠭᠬᠦ ᠠᠬᠢᠴᠠ ᠶᠢ ᠲᠦᠷᠭᠡᠳᠬᠡᠨ᠂ ᠲᠤᠰᠬᠠᠶ ᠵᠣᠭᠤᠰ ᠢ ᠲᠤᠰᠬᠠᠶ ᠵᠦᠢᠯ ᠳᠤᠨᠢ ᠬᠡᠷᠡᠭᠯᠡᠬᠦ ᠶᠢ ᠦᠨᠡᠨᠬᠦ ᠪᠠᠲᠤᠯᠠᠵᠤ᠂ ᠰᠢᠬᠠᠨ ᠡᠵᠡᠯᠡᠵᠦ ᠨᠡᠭᠦᠯᠭᠡᠨ ᠬᠡᠷᠡᠭᠯᠡᠬᠦ ᠶᠢ ᠴᠢᠩᠭ᠎ᠠ ᠴᠠᠭᠠᠵᠠᠯᠠᠵᠤ᠂ ᠪᠡᠯᠡ ᠮᠥᠩᠭᠦ ᠶᠢᠨ ᠬᠡᠷᠡᠭᠯᠡᠯᠲᠡ ᠶᠢᠨ ᠦᠷ᠎ᠡ ᠠᠰᠢᠭ ᠢ ᠦᠨᠡᠨᠬᠦ ᠪᠠᠳᠠᠷᠠᠭᠤᠯᠬᠤ ᠬᠡᠷᠡᠭᠲᠡᠶ᠃    ᠳᠠᠭᠠᠯᠳᠤᠭᠤᠯᠤᠯ᠄ 2024 ᠣᠨ ᠳᠤ ᠲᠥᠪ ᠠᠴᠠ ᠮᠠᠯᠵᠢᠬᠤ ᠲᠠᠷᠢᠶᠠᠯᠠᠬᠤ ᠣᠷᠣᠨ ᠤ ᠵᠣᠷᠯᠣᠩ ᠤᠨ ᠬᠤᠪᠢᠰᠬᠠᠯ ᠢ ᠳᠡᠮᠵᠢᠬᠦ ᠡᠳ᠋ ᠤᠨ ᠵᠠᠰᠠᠭ ᠤᠨ ᠱᠠᠩᠨᠠᠯ ᠨᠥᠬᠦᠪᠥᠷᠢ ᠶᠢᠨ ᠪᠠᠯᠠ ᠮᠥᠩᠭᠦ ᠶᠢᠨ ᠬᠤᠪᠢᠶᠠᠷᠢᠯᠠᠯᠲᠠ ᠶᠢᠨ ᠬᠦᠰᠦᠨᠦᠭᠲᠦ    ᠠᠯᠪᠠᠨ ᠵᠠᠷ ᠨᠡᠶᠢᠲᠡᠯᠡᠭᠰᠡᠨ ᠨᠢᠭᠡᠴᠡ᠄ ᠨᠢᠩᠴᠧᠩ ᠰᠢᠶᠠᠨ ᠤ ᠡᠳ᠋ ᠤᠨ ᠵᠠᠰᠠᠭ ᠤᠨ ᠲᠣᠪᠴᠢᠶ᠎ᠠ    ᠬᠢᠨᠠᠯᠲᠠ ᠲᠠᠯᠪᠢᠵᠤ ᠢᠯᠡᠴᠢᠯᠡᠨ ᠮᠡᠳᠡᠭᠦᠯᠬᠦ ᠤᠲᠠᠰᠤ᠄ 0476 - 422374512317    ᠢᠮᠧᠯ᠄ ncxczjbgs@163.com    ᠵᠠᠷᠯᠠᠨ ᠨᠡᠶᠢᠲᠡᠯᠡᠬᠦ ᠴᠠᠭ ᠤᠨ ᠬᠢᠵᠠᠭᠠᠷ᠄ 10 ᠡᠳᠦᠷ ︵2024 ᠣᠨ ᠤ 7 ᠰᠠᠷ᠎ᠠ ᠶᠢᠨ 15 ᠤ ᠡᠳᠦᠷ ᠠᠴᠠ 2024 ᠣᠨ ᠤ 7 ᠰᠠᠷ᠎ᠠ ᠶᠢᠨ 25 ᠤ ᠡᠳᠦᠷ︶    ᠨᠢᠩᠴᠧᠩ ᠰᠢᠶᠠᠨ ᠤ ᠡᠳ᠋ ᠤᠨ ᠵᠠᠰᠠᠭ ᠤᠨ ᠲᠣᠪᠴᠢᠶ᠎ᠠ    2024 ᠣᠨ ᠤ 7 ᠰᠠᠷ᠎ᠠ ᠶᠢᠨ 15 ᠤ ᠡᠳᠦᠷ
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000963号