ᠶᠡᠭᠡ ᠵᠥᠩ ᠰᠢᠶᠠᠩ ︽ᠭᠤᠷᠪᠠᠨ ᠠᠷᠭ᠎ᠠ ᠬᠡᠮᠵᠢᠶ᠎ᠡ︾ ᠠᠪᠴᠤ ᠣᠯᠠᠨ ᠲᠦᠮᠡᠨ ᠤ ᠤᠤᠭᠤᠬᠤ ᠤᠰᠤᠨ ᠤ ᠠᠮᠤᠷ ᠲᠦᠪᠰᠢᠨ ᠢ ᠪᠥᠬᠦ ᠬᠦᠴᠦᠨ ᠢᠶᠠᠷ ᠢᠶᠠᠨ ᠪᠠᠲᠤᠯᠠᠨ᠎ᠠ
ᠨᠡᠶᠢᠲᠡᠯᠡᠭᠰᠡᠨ ᠴᠠᠭ᠄
2024/9/19
    ᠨᠢᠭᠡ ᠳᠤ᠂ ᠨᠠᠷᠢᠨ ᠨᠢᠮᠪᠠᠶ ᠵᠣᠬᠢᠶᠠᠨ ᠪᠠᠶᠢᠭᠤᠯᠵᠤ᠂ ᠪᠥᠬᠦ ᠲᠠᠯ᠎ᠠ ᠪᠠᠷ ᠵᠢᠭᠰᠠᠭᠠᠨ ᠪᠠᠶᠢᠴᠠᠭᠠᠨ᠎ᠠ᠃ ᠤᠰᠤᠨ ᠤ ᠡᠬᠢ ᠰᠤᠷᠪᠤᠯᠵᠢ ᠶᠢᠨ ᠭᠠᠵᠠᠷ ᠤᠨ ᠠᠷᠢᠭᠤᠨ ᠴᠡᠪᠡᠷ ᠢ ᠬᠠᠮᠢᠶᠠᠷᠴᠤ ᠬᠠᠮᠠᠭᠠᠯᠠᠬᠤ᠂ ᠳᠠᠮᠵᠢᠭᠤᠯᠬᠤ ᠬᠤᠭᠤᠯᠠᠶ ᠶᠢ ᠠᠷᠠᠴᠢᠯᠠᠨ ᠬᠠᠮᠠᠭᠠᠯᠠᠬᠤ᠂ ᠬᠥᠳᠡᠭᠡ ᠲᠣᠰᠬᠤᠨ ᠤ ᠤᠤᠭᠤᠬᠤ ᠤᠰᠤ ᠶᠢ ᠠᠷᠢᠭᠤᠳᠬᠠᠬᠤ ᠪᠣᠯᠪᠠᠰᠤᠷᠠᠯ ᠵᠡᠷᠭᠡ ᠠᠷᠭ᠎ᠠ ᠬᠡᠮᠵᠢᠶ᠎ᠡ ᠪᠠᠷ ᠳᠠᠮᠵᠢᠭᠤᠯᠤᠨ᠂ ᠤᠰᠤᠨ ᠤ ᠴᠢᠨᠠᠷ᠂ ᠤᠰᠤᠨ ᠤ ᠬᠡᠮᠵᠢᠶ᠎ᠡ᠂ ᠤᠰᠤ ᠬᠡᠷᠡᠭᠯᠡᠬᠦ ᠳᠤ ᠲᠥᠬᠦᠮ ᠦᠵᠡᠭᠦᠯᠬᠦ ᠬᠡᠮᠵᠢᠶ᠎ᠡ ᠪᠠ ᠤᠰᠤ ᠬᠠᠩᠭᠠᠬᠤ ᠪᠠᠲᠤᠯᠠᠭ᠎ᠠ ᠶᠢᠨ ᠨᠣᠷᠮ᠎ᠠ ᠳᠥᠷᠪᠡᠨ ᠵᠤᠶᠢᠯ ᠤᠨ ᠭᠦᠢᠴᠡᠳᠭᠡᠯ ᠲᠤᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠲᠣᠰᠬᠤᠨ ᠳᠠᠷᠠᠭᠠᠯᠠᠨ ᠵᠢᠭᠰᠠᠭᠠᠨ ᠪᠠᠶᠢᠴᠠᠭᠠᠵᠤ᠂ ᠵᠢᠭᠰᠠᠭᠠᠨ ᠪᠠᠶᠢᠴᠠᠭᠠᠵᠤ ᠢᠯᠡᠷᠡᠭᠦᠯᠦᠭᠰᠡᠨ ᠠᠰᠠᠭᠤᠳᠠᠯ ᠳᠤ ᠴᠢᠭᠯᠡᠭᠦᠯᠦᠨ᠂ ᠪᠠᠶᠢᠴᠠᠭᠠᠬᠤ ᠶᠢᠨ ᠳᠠᠭᠠᠤ ᠰᠠᠶᠢᠵᠢᠷᠠᠭᠤᠯᠵᠤ᠂ ᠦᠨᠡᠨ ᠬᠦ ᠥᠭᠡᠷᠡᠴᠢᠯᠡᠨ ᠰᠠᠶᠢᠵᠢᠷᠠᠭᠤᠯᠵᠤ᠂ ᠤᠤᠭᠤᠬᠤ ᠤᠰᠤᠨ ᠤ ᠠᠮᠤᠷ ᠲᠦᠪᠰᠢᠨ ᠪᠠ ᠠᠵᠢᠯᠯᠠᠭᠠᠨ ᠤ ᠲᠣᠭᠲᠠᠭᠤᠨ ᠪᠠᠶᠢᠬᠤ ᠶᠢ ᠦᠨᠡᠨᠬᠦ ᠪᠠᠲᠤᠯᠠᠨ᠎ᠠ᠃ ᠣᠳᠣᠬᠠᠨ ᠳᠤ᠂ ᠪᠦᠬᠦ ᠰᠢᠶᠠᠩ ᠢᠶᠠᠷ ᠢᠶᠠᠨ ᠲᠣᠰᠬᠤᠨ ᠤ ᠺᠠᠳ᠋ᠷ᠂ ᠤᠰᠤᠨ ᠤ ᠬᠠᠮᠢᠶᠠᠷᠤᠭᠴᠢ ᠶᠢ 50 ᠭᠠᠷᠤᠢ ᠬᠥᠮᠦᠨ ᠤᠳᠠᠭ᠎ᠠ ᠬᠥᠳᠡᠯᠭᠡᠵᠦ᠂ 33 ᠤᠰᠤ ᠬᠠᠩᠭᠠᠬᠤ ᠤᠰᠤᠨ ᠰᠤᠷᠪᠤᠯᠵᠢ ᠶᠢᠨ ᠭᠠᠵᠠᠷ ᠢ ᠵᠢᠭᠰᠠᠭᠠᠨ ᠪᠠᠶᠢᠴᠠᠭᠠᠵᠤ᠂ 33 ᠪᠠᠷᠢᠯᠭ᠎ᠠ ᠶᠢᠨ ᠤᠰᠤᠨ ᠤ ᠦᠯᠢᠭᠡᠷ ᠢ ᠠᠪᠴᠤ᠂ ᠰᠢᠶᠠᠨ ᠤ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠲᠥᠪ ᠲᠤ ᠲᠤᠰᠢᠶᠠᠵᠤ ᠰᠢᠯᠭᠠᠨ ᠪᠠᠶᠢᠴᠠᠭᠠᠯᠭᠠᠪᠠ᠃    ᠬᠤᠶᠠᠷ ᠲᠤ᠂ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠵᠤ᠂ ᠦᠷ᠎ᠡ ᠪᠦᠲᠦᠮᠵᠢ ᠶᠢ ᠪᠠᠬᠢᠵᠢᠭᠦᠯᠪᠡ᠃ ᠡᠯ᠎ᠡ ᠲᠣᠰᠬᠤᠨ ᠤ ᠺᠠᠳ᠋ᠷ ᠵᠢᠴᠢ ᠤᠰᠤ ᠬᠠᠮᠢᠶᠠᠷᠤᠭᠴᠢ ᠶᠢ ᠵᠣᠬᠢᠶᠠᠨ ᠪᠠᠶᠢᠭᠤᠯᠤᠨ ᠪᠣᠯᠪᠠᠰᠤᠷᠠᠭᠤᠯᠤᠯ ᠥᠷᠨᠢᠭᠦᠯᠵᠦ᠂ ᠤᠰᠤᠨ ᠰᠤᠷᠪᠤᠯᠵᠢ ᠶᠢ ᠲᠣᠭᠤᠷᠢᠨ ᠪᠠᠶᠢᠴᠠᠭᠠᠬᠤ᠂ ᠪᠡᠯᠡᠳᠬᠡᠮᠵᠢ ᠶᠢ ᠬᠠᠮᠢᠶᠠᠷᠤᠨ ᠬᠠᠮᠠᠭᠠᠯᠠᠬᠤ ᠵᠡᠷᠭᠡ ᠲᠠᠯ᠎ᠠ ᠪᠠᠷ ᠭᠤᠤᠯᠳᠠᠯᠭ᠎ᠠ ᠲᠠᠢ ᠵᠢᠭᠠᠨ ᠵᠢᠯᠣᠭᠤᠳᠴᠤ᠂ ᠬᠠᠮᠢᠶᠠᠷᠤᠯᠲᠠ ᠶᠢᠨ ᠠᠵᠢᠯᠲᠠᠨ ᠤ ᠦᠢᠯᠡᠴᠢᠯᠡᠭᠡᠨ ᠤ ᠬᠢᠷᠢ ᠬᠡᠮᠵᠢᠶ᠎ᠡ ᠶᠢ ᠳᠡᠭᠡᠭᠰᠢᠯᠡᠭᠦᠯᠪᠡ᠃ ᠡᠭᠦᠨ ᠤ ᠬᠠᠮᠲᠤ᠂ ᠡᠯ᠎ᠡ ᠲᠣᠰᠬᠤᠨ ᠤ ᠬᠠᠮᠢᠶᠠᠷᠤᠯᠲᠠ ᠶᠢᠨ ᠡᠬᠡ ᠲᠠᠩᠰᠠ ᠪᠠᠶᠢᠭᠤᠯᠬᠤ ᠶᠢ ᠰᠢᠮᠳᠠᠭᠤᠯᠵᠤ᠂ ᠣᠷᠣᠰᠢᠵᠤ ᠪᠠᠶᠢᠭ᠎ᠠ ᠤᠰᠤ ᠬᠠᠩᠭᠠᠬᠤ ᠠᠰᠠᠭᠤᠳᠠᠯ ᠢ ᠴᠠᠭ ᠲᠤᠬᠠᠶ ᠳᠤᠨᠢ ᠳᠡᠭᠡᠭᠰᠢ ᠮᠡᠳᠡᠭᠦᠯᠵᠦ᠂ ᠵᠠᠳᠠᠯᠤᠨ ᠰᠤᠳᠤᠯᠵᠤ ᠰᠢᠢᠳᠪᠦᠷᠢᠯᠡᠵᠦ᠂ ᠡᠳᠦᠷ ᠲᠤᠲᠤᠮ ᠤᠨ ᠲᠣᠭᠤᠷᠢᠨ ᠪᠠᠶᠢᠴᠠᠭᠠᠵᠤ ᠬᠠᠮᠢᠶᠠᠷᠤᠨ ᠬᠠᠮᠠᠭᠠᠯᠠᠬᠤ ᠶᠢ ᠴᠢᠩᠭᠠᠳᠬᠠᠨ᠂ ᠤᠰᠤ ᠬᠠᠩᠭᠠᠬᠤ ᠪᠡᠯᠡᠳᠬᠡᠮᠵᠢ ᠶᠢᠨ ᠠᠵᠢᠯᠯᠠᠭᠠᠨ ᠤ ᠬᠡᠪ ᠤᠨ ᠪᠠᠶᠢᠳᠠᠯ ᠢ ᠪᠠᠲᠤᠯᠠᠵᠤ᠂ ᠣᠳᠣᠬᠠᠨ ᠳᠤ ᠨᠢᠭᠡᠨᠲᠡ 14 ᠤᠳᠠᠭ᠎ᠠ ᠲᠤᠬᠠᠶ ᠶᠢᠨ ᠲᠠᠯᠠᠪᠤᠷ ᠤᠨ ᠪᠣᠯᠪᠠᠰᠤᠷᠠᠭᠤᠯᠤᠯ ᠢ ᠵᠣᠬᠢᠶᠠᠨ ᠪᠠᠶᠢᠭᠤᠯᠤᠨ ᠥᠷᠨᠢᠭᠦᠯᠪᠡ᠃    ᠭᠤᠷᠪᠠ ᠳᠤ ᠢᠯᠭᠠᠷᠠᠭᠤᠯᠤᠨ ᠴᠡᠭᠴᠡᠯᠡᠵᠦ᠂ ᠬᠥᠳᠡᠯᠦᠩᠭᠦᠶ ᠬᠢᠨᠠᠨ ᠬᠡᠮᠵᠢᠯᠲᠡ ᠬᠢᠨ᠎ᠡ᠃ ᠤᠰᠤ ᠬᠠᠮᠢᠶᠠᠷᠤᠭᠴᠢ ᠤᠤᠭᠤᠬᠤ ᠤᠰᠤᠨ ᠤ ᠡᠬᠢ ᠰᠤᠷᠪᠤᠯᠵᠢ᠂ ᠤᠰᠤ ᠬᠠᠳᠠᠭᠠᠯᠠᠬᠤ ᠴᠥᠭᠦᠷᠥᠮ ᠵᠢᠴᠢ ᠡᠷᠭᠢᠨ ᠲᠣᠭᠤᠷᠢᠨ ᠤ  ᠡᠪᠡᠰᠦ ᠪᠣᠳᠠᠰ ᠢ ᠴᠡᠪᠡᠷᠯᠡᠬᠦ᠂ ᠪᠣᠭᠤᠳᠠᠯᠯᠠᠬᠤ ᠶᠢᠨ ᠬᠠᠮᠲᠤ ᠬᠥᠳᠡᠭᠡ ᠲᠣᠰᠬᠤᠨ ᠤ ᠤᠤᠭᠤᠬᠤ ᠤᠰᠤᠨ ᠤ ᠴᠢᠨᠠᠷ ᠢ ᠦᠷᠭᠦᠯᠵᠢᠯᠡᠨ ᠠᠷᠢᠭᠤᠳᠬᠠᠨ ᠰᠢᠢᠳᠪᠦᠷᠢᠯᠡᠵᠦ᠂ ᠤᠰᠤᠨ ᠤ ᠴᠢᠨᠠᠷ ᠨᠢ ᠲᠤᠩᠭᠠᠯᠠᠭ᠂ ᠤᠰᠤᠨ ᠴᠥᠭᠦᠷᠥᠮ ᠨᠢ ᠴᠡᠪᠡᠷ ᠴᠡᠮᠴᠡᠭᠡᠷ᠂ ᠬᠤᠭᠤᠯᠠᠶ ᠶᠢᠨ ᠲᠣᠤᠷ ᠤᠨ ᠰᠠᠭᠠᠳ ᠦᠭᠡᠢ ᠨᠡᠪᠲᠡᠷᠡᠬᠦ᠂ ᠣᠷᠴᠢᠨ ᠲᠣᠭᠤᠷᠢᠨ ᠨᠢ ᠴᠡᠪᠡᠷ ᠲᠡᠭᠰᠢ ᠪᠠᠶᠢᠬᠤ ᠶᠢ ᠦᠨᠡᠨᠬᠦ ᠪᠠᠲᠤᠯᠠᠨ᠎ᠠ᠃ ᠡᠭᠦᠨ ᠤ ᠬᠠᠮᠲᠤ᠂ ᠡᠯ᠎ᠡ ᠲᠣᠰᠬᠤᠨ ᠤ ᠤᠰᠤᠨ ᠤ ᠴᠢᠨᠠᠷ ᠢ ᠲᠣᠭᠲᠠᠮᠠᠯ ᠬᠤᠭᠤᠴᠠᠭ᠎ᠠ ᠲᠠᠢ ᠪᠠᠷ ᠰᠢᠯᠭᠠᠨ ᠪᠠᠶᠢᠴᠠᠭᠠᠵᠤ᠂ ᠤᠤᠭᠤᠬᠤ ᠤᠰᠤᠨ ᠤ ᠱᠠᠭᠠᠷᠳᠠᠯᠭ᠎ᠠ ᠳᠤ ᠬᠦᠷᠦᠭᠦᠯᠬᠦ ᠶᠢ ᠦᠨᠡᠨᠬᠦ ᠪᠠᠲᠤᠯᠠᠨ᠎ᠠ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000963号