| ᠨᠢᠭᠡ ᠳᠤ᠂ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ | ᠬᠠᠷᠢᠭᠤᠴᠠᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠴᠢᠩᠭᠠᠳᠬᠠᠨ᠎ᠠ᠃ ᠪᠠᠯᠭᠠᠰᠤᠨ ᠤ ᠨᠠᠮ ᠤᠨ ᠬᠤᠷᠢᠶᠠᠨ ᠤ | ᠱᠦᠵᠢ ᠪᠠᠷ ᠳᠤᠭᠤᠶᠢᠯᠠᠩ ᠤᠨ ᠳᠠᠷᠤᠭ᠎ᠠ ᠪᠣᠯᠭᠠᠭᠰᠠᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ | ᠪᠠᠶᠢᠭᠤᠯᠬᠤ ᠠᠵᠢᠯ ᠤᠨ ᠤᠳᠤᠷᠢᠳᠬᠤ ᠳᠤᠭᠤᠶᠢᠯᠠᠩ ᠢ ᠪᠠᠶᠢᠭᠤᠯᠵᠤ᠂ ︽ᠲᠤᠤᠷ᠎ᠠ ᠬᠤᠷᠤᠭ᠎ᠠ ᠪᠠᠯᠭᠠᠰᠤᠨ ᠤ | ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠠᠵᠢᠯ ᠤᠨ ᠬᠡᠷᠡᠭᠵᠢᠭᠦᠯᠬᠦ ᠲᠥᠰᠦᠯ︾ ᠢ | ᠲᠣᠭᠲᠠᠭᠠᠵᠤ᠂ ᠠᠵᠢᠯ ᠤᠨ ᠬᠠᠷᠠᠯᠲᠠ᠂ ᠡᠭᠦᠷᠭᠡ ᠪᠠ ᠠᠷᠭ᠎ᠠ ᠬᠡᠮᠵᠢᠶ᠎ᠡ ᠶᠢ ᠲᠣᠳᠣᠷᠬᠠᠶᠢᠯᠠᠪᠠ᠃ ᠦᠨᠳᠦᠰᠦᠲᠡᠨ ᠤ | ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠠᠵᠢᠯ ᠢ ᠪᠠᠯᠭᠠᠰᠤᠨ ᠤ ᠨᠠᠮ ᠤᠨ ᠬᠤᠷᠢᠶ᠎ᠠ᠂ ᠵᠠᠰᠠᠭ ᠤᠨ | ᠣᠷᠳᠣᠨ ᠤ ᠡᠳᠦᠷ ᠲᠤᠲᠤᠮ ᠤᠨ ᠴᠢᠬᠤᠯᠠ ᠵᠥᠪᠯᠡᠬᠦ ᠵᠦᠢᠯ ᠳᠤ ᠣᠷᠣᠭᠤᠯᠵᠤ᠂ ᠲᠣᠭᠲᠠᠮᠠᠯ ᠬᠤᠭᠤᠴᠠᠭ᠎ᠠ ᠲᠠᠢ ᠪᠠᠷ | ᠲᠤᠰᠬᠠᠶ ᠰᠡᠳᠦᠪᠲᠦ ᠬᠤᠷᠠᠯ ᠬᠤᠷᠠᠯᠳᠤᠭᠤᠯᠵᠤ ᠰᠤᠳᠤᠯᠤᠨ ᠪᠠᠶᠢᠷᠢᠯᠠᠭᠤᠯᠵᠤ᠂ ︽ᠨᠠᠮ ᠤᠨ ᠬᠤᠷᠢᠶ᠎ᠠ ᠨᠢᠭᠡᠳᠦᠯᠲᠡᠶ | ᠤᠳᠤᠷᠢᠳᠬᠤ᠂ ᠨᠠᠮ ᠵᠠᠰᠠᠭ ᠴᠤᠭᠭᠠᠷ ᠠᠳᠬᠤᠨ ᠬᠠᠮᠲᠤ ᠪᠠᠷ ᠬᠠᠮᠢᠶᠠᠷᠬᠤ᠂ ᠰᠠᠯᠠᠭ᠎ᠠ ᠮᠥᠴᠢᠷ ᠲᠣᠰ ᠲᠣᠰ ᠤᠨ | ᠡᠭᠦᠷᠭᠡ ᠲᠤᠰᠢᠶᠠᠯ ᠢᠶᠠᠨ ᠭᠦᠢᠴᠡᠳᠭᠡᠬᠦ᠂ ᠨᠡᠶᠢᠭᠡᠮ ᠳᠠᠶᠠᠭᠠᠷ ᠥᠷᠭᠡᠨ ᠢᠶᠠᠷ ᠣᠷᠣᠯᠴᠠᠬᠤ︾ ᠠᠵᠢᠯ ᠤᠨ ᠪᠠᠶᠢᠷᠢᠰᠢᠯ ᠢ | ᠪᠣᠶ ᠪᠣᠯᠭᠠᠪᠠ᠃ ᠡᠭᠦᠨ ᠤ ᠬᠠᠮᠲᠤ᠂ ᠰᠢᠯᠭᠠᠨ ᠬᠢᠨᠠᠵᠤ ᠦᠨᠡᠯᠡᠬᠦ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ | ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠠᠵᠢᠯ ᠢ ᠣᠨ ᠤ ᠬᠠᠷᠠᠯᠲᠠᠲᠤ ᠰᠢᠯᠭᠠᠨ | ᠬᠢᠨᠠᠬᠤ ᠳᠤ ᠣᠷᠣᠭᠤᠯᠵᠤ᠂ ᠡᠯ᠎ᠡ ᠵᠦᠢᠯ ᠤᠨ ᠡᠭᠦᠷᠭᠡ ᠶᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠦᠨᠡᠨ ᠬᠦ | ᠪᠠᠲᠤᠯᠠᠨ᠎ᠠ᠃ | ᠬᠤᠶᠠᠷ ᠲᠤ᠂ ᠤᠬᠠᠭᠤᠯᠭ᠎ᠠ ᠬᠥᠮᠦᠵᠢᠯ ᠳᠤ ᠠᠩᠬᠠᠷᠤᠯ ᠢᠶᠠᠨ ᠲᠥᠪᠯᠡᠷᠡᠭᠦᠯᠵᠦ᠂ ᠦᠨᠳᠦᠰᠦᠲᠡᠨ ᠤ | ᠪᠦᠯᠬᠦᠮᠳᠡᠯ ᠤᠨ ︽ᠨᠢᠭᠡ ᠰᠡᠳᠬᠢᠯ︾ ᠢ ᠪᠠᠲᠤ ᠴᠣᠭᠴᠠᠯᠠᠨ᠎ᠠ᠃ ︽ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ | ᠤᠬᠠᠭᠤᠯᠭ᠎ᠠ ᠬᠥᠮᠦᠵᠢᠯ ᠤᠨ ᠠᠵᠢᠯᠯᠠᠭ᠎ᠠ︾ ᠶᠢ ᠥᠷᠨᠢᠭᠦᠯᠦᠨ᠎ᠡ᠃ ᠪᠠᠯᠭᠠᠰᠤ ᠲᠣᠰᠬᠤᠨ ᠤ ᠺᠠᠳ᠋ᠷ᠂ ᠰᠠᠶᠢᠨ | ᠳᠤᠷ᠎ᠠ ᠶᠢᠨ ᠦᠢᠯᠡᠴᠢᠯᠡᠭᠴᠢᠳ ᠢ ᠵᠣᠬᠢᠶᠠᠨ ᠪᠠᠶᠢᠭᠤᠯᠤᠨ ᠲᠣᠰᠬᠤᠨ᠂ ᠰᠤᠷᠭᠠᠭᠤᠯᠢ᠂ ᠠᠵᠤ ᠠᠬᠤᠶᠢᠯᠠᠯ ᠵᠡᠷᠭᠡ ᠳᠤ | ᠭᠦᠨᠵᠡᠭᠡᠶᠢᠷᠡᠭᠦᠯᠦᠨ᠂ ᠲᠤᠰᠬᠠᠶ ᠰᠡᠳᠦᠪᠲᠦ ᠲᠠᠶᠢᠯᠤᠮᠵᠢ ᠬᠢᠬᠦ᠂ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠬᠤ᠂ | ᠤᠷᠠᠨ ᠰᠠᠶᠢᠬᠠᠨ ᠤ ᠲᠣᠭᠯᠠᠯᠲᠠ ᠭᠠᠷᠭᠠᠬᠤ ᠵᠡᠷᠭᠡ ᠬᠡᠯᠪᠡᠷᠢ ᠪᠠᠷ ᠨᠠᠮ ᠤᠨ ᠦᠨᠳᠦᠰᠦᠲᠡᠨ ᠤ ᠲᠥᠷᠥ ᠶᠢᠨ ᠪᠣᠳᠣᠯᠭ᠎ᠠ | ᠂ ᠬᠠᠤᠯᠢ ᠴᠠᠭᠠᠵᠠ ᠬᠠᠤᠯᠢ ᠲᠣᠭᠲᠠᠭᠠᠯ ᠪᠠ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠲᠡᠷᠢᠭᠦᠨ ᠤ ᠨᠡᠶᠢᠲᠡᠯᠢᠭ | ᠠᠵᠢᠯᠯᠠᠭ᠎ᠠ ᠶᠢ ᠥᠷᠭᠡᠨ ᠢᠶᠠᠷ ᠤᠬᠠᠭᠤᠯᠵᠤ᠂ ᠨᠡᠶᠢᠲᠡ 50 ᠭᠠᠷᠤᠶ ᠲᠠᠯᠠᠪᠤᠷ ᠤᠳᠠᠭ᠎ᠠ ᠤᠬᠠᠭᠤᠯᠭ᠎ᠠ ᠬᠥᠮᠦᠵᠢᠯ ᠤᠨ | ᠠᠵᠢᠯᠯᠠᠭ᠎ᠠ ᠥᠷᠨᠢᠭᠦᠯᠵᠦ᠂ 1.2 ᠲᠦᠮᠡᠨ ᠬᠤᠪᠢ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠵᠤ᠂ ᠬᠥᠮᠦᠵᠢᠯ | ᠭᠥᠷᠳᠡᠭᠰᠡᠨ ᠣᠯᠠᠨ ᠲᠦᠮᠡᠨ 1.8 ᠲᠦᠮᠡᠨ ᠬᠥᠮᠦᠨ ᠤᠳᠠᠭ᠎ᠠ ᠳᠤ ᠬᠦᠷᠴᠡᠶ᠃ ︽ᠦᠨᠳᠦᠰᠦᠲᠡᠨ ᠤ ᠪᠦᠯᠬᠦᠮᠳᠡᠯ | ᠳᠠᠪᠰᠢᠯᠲᠠ ᠶᠢᠨ ᠬᠥᠮᠦᠵᠢᠯ ᠤᠨ ᠵᠢᠱᠢᠶ᠎ᠡ ᠦᠵᠡᠭᠦᠯᠬᠦ ᠰᠠᠭᠤᠷᠢᠨ ᠭᠠᠵᠠᠷ︾ ᠢ ᠪᠠᠶᠢᠭᠤᠯᠤᠨ᠎ᠠ᠃ ᠪᠠᠯᠭᠠᠰᠤᠨ ᠤ | ᠳᠣᠲᠣᠷᠠᠬᠢ ᠬᠤᠪᠢᠰᠬᠠᠯ ᠤᠨ ᠰᠣᠶᠣᠯ᠂ ᠲᠡᠦᠬᠡ ᠰᠣᠶᠣᠯ᠂ ᠠᠷᠠᠳ ᠤᠨ ᠵᠠᠩ ᠦᠢᠯᠡ ᠶᠢᠨ ᠰᠣᠶᠣᠯ ᠵᠡᠷᠭᠡ ᠡᠬᠢ | ᠪᠠᠶᠠᠯᠢᠭ ᠢ ᠭᠦᠢᠴᠡᠳ ᠠᠭᠤᠳᠠᠯᠵᠤ᠂ ︽ᠭᠤᠤ ᠴᠢᠶᠣᠤ ᠶᠢᠨ ᠦᠷᠡᠭᠳᠡᠭᠰᠡᠨ ᠪᠠᠭᠠᠲᠤᠷᠴᠤᠳ ᠤᠨ ᠪᠤᠩᠬᠤᠨ ᠤ | ᠬᠦᠷᠢᠶᠡᠯᠡᠩ᠂ ᠴᠡᠩᠭᠡᠯᠲᠠᠢ ᠶᠢᠨ ᠰᠣᠶᠣᠯ ᠤᠨ ᠳᠤᠷᠠᠰᠬᠠᠯ ᠤᠨ ᠣᠷᠳᠣᠨ︾ ᠵᠡᠷᠭᠡ ᠬᠤᠳᠠ ᠶᠢᠨ ᠱᠠᠲᠤᠨ ᠤ | ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠬᠥᠮᠦᠵᠢᠯ ᠤᠨ ᠵᠢᠱᠢᠶ᠎ᠡ ᠦᠵᠡᠭᠦᠯᠬᠦ ᠰᠠᠭᠤᠷᠢᠨ ᠢ ᠪᠠᠶᠢᠭᠤᠯᠵᠤ᠂ | ᠲᠣᠭᠤᠷᠢᠨ ᠦᠵᠡᠵᠦ ᠰᠤᠷᠤᠯᠴᠠᠬᠤ᠂ ᠭᠤᠣᠯ ᠰᠡᠳᠦᠪᠲᠦ ᠠᠵᠢᠯᠯᠠᠭ᠎ᠠ ᠥᠷᠨᠢᠭᠦᠯᠬᠦ ᠵᠡᠷᠭᠡ ᠬᠡᠯᠪᠡᠷᠢ ᠪᠠᠷ ᠳᠠᠮᠵᠢᠭᠤᠯᠵᠤ | ᠂ ᠥᠷᠭᠡᠨ ᠤᠯᠠᠨ ᠺᠠᠳ᠋ᠷ ᠤᠯᠠᠨ ᠲᠦᠮᠡᠨ ᠳᠤ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠬᠥᠮᠦᠵᠢᠯ ᠢ | ᠬᠦᠷᠲᠡᠭᠡᠵᠡᠢ᠃ ︽ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠤᠬᠠᠭᠤᠯᠤᠭᠴᠢ︾ ᠶᠢ ᠪᠤᠶᠢᠵᠢᠭᠤᠯᠤᠨ᠎ᠠ᠃ | ᠪᠥᠬᠦ ᠪᠠᠯᠭᠠᠰᠤᠨ ᠤ ᠬᠡᠪᠴᠢᠶᠡᠨ ᠳᠤ ᠤᠯᠤᠰ ᠲᠥᠷᠥ ᠶᠢᠨ ᠬᠡᠪ ᠴᠢᠨᠠᠷ ᠢᠶᠠᠷ ᠥᠨᠳᠥᠷ᠂ ᠲᠤᠬᠠᠶᠢᠯᠠᠭᠰᠠᠨ ᠠᠵᠢᠯ ᠤᠨ | ᠴᠢᠳᠠᠪᠤᠷᠢ ᠪᠠᠷ ᠴᠢᠩᠭ᠎ᠠ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠦᠢᠯᠡᠰ ᠲᠤ ᠬᠠᠯᠠᠭᠤᠨ ᠰᠡᠳᠬᠢᠯ ᠲᠠᠢ | 100 ᠤᠬᠠᠭᠤᠯᠤᠭᠴᠢ ᠶᠢ ᠰᠣᠩᠭᠤᠨ ᠬᠥᠮᠦᠵᠢᠭᠦᠯᠵᠦ᠂ ᠲᠥᠪᠯᠡᠷᠡᠭᠦᠯᠦᠨ ᠪᠣᠯᠪᠠᠰᠤᠷᠠᠭᠤᠯᠬᠤ᠂ ᠲᠤᠬᠠᠶ ᠶᠢᠨ | ᠭᠠᠵᠠᠷ ᠲᠤᠨᠢ ᠲᠣᠭᠤᠷᠢᠨ ᠦᠵᠡᠬᠦ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠲᠡᠳᠡᠨ ᠤ ᠤᠬᠠᠭᠤᠯᠬᠤ ᠴᠢᠳᠠᠪᠤᠷᠢ | ᠪᠠ ᠬᠢᠷᠢ ᠲᠦᠪᠰᠢᠨ ᠢ ᠳᠡᠭᠡᠭᠰᠢᠯᠡᠭᠦᠯᠪᠡ᠃ ᠡᠳᠡᠭᠡᠷ ᠤᠬᠠᠭᠤᠯᠤᠭᠴᠢᠳ ᠠᠮᠢᠳᠤᠯᠢᠭ᠂ ᠳᠥᠭᠦᠮ ᠣᠶᠢᠯᠠᠭᠠᠮᠵᠢᠲᠠᠶ | ᠦᠭᠡ ᠬᠡᠯᠡ ᠪᠠᠷ ᠣᠯᠠᠨ ᠲᠦᠮᠡᠨ ᠳᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠮᠡᠳᠡᠯᠭᠡ ᠶᠢ ᠤᠬᠠᠭᠤᠯᠵᠤ᠂ | ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠠᠵᠢᠯ ᠤᠨ ︽ᠬᠥᠩᠭᠡᠨ ᠮᠣᠷᠢᠲᠤ ᠴᠡᠷᠢᠭ︾ | ᠪᠣᠯᠪᠠ᠃ | ᠭᠤᠷᠪᠠ ᠳᠤ᠂ ᠠᠷᠠᠳ ᠤᠨ ᠠᠮᠢᠳᠤᠷᠠᠯ ᠤᠨ ᠪᠤᠶᠠᠨ ᠵᠢᠷᠭᠠᠯ ᠳᠤ ᠠᠩᠬᠠᠷᠤᠯ ᠢᠶᠠᠨ ᠲᠥᠪᠯᠡᠷᠡᠭᠦᠯᠵᠦ᠂ | ᠦᠨᠳᠦᠰᠦᠲᠡᠨ ᠤ ᠬᠥᠭᠵᠢᠯᠲᠡ ᠶᠢᠨ ︽ᠵᠢᠷᠤᠭ︾ ᠢ ᠰᠠᠶᠢᠲᠤᠷ ᠵᠢᠷᠤᠭᠯᠠᠨ᠎ᠠ᠃ ︽ᠠᠷᠠᠳ ᠤᠨ ᠠᠮᠢᠳᠤᠷᠠᠯ ᠤᠨ | ᠢᠨᠵᠧᠨᠧᠷᠢᠩ︾ ᠢ ᠬᠡᠷᠡᠭᠵᠢᠭᠦᠯᠦᠨ᠎ᠡ᠃ ᠦᠨᠳᠦᠰᠦᠲᠡᠨ ᠤ ᠲᠣᠰᠬᠤᠨ ᠳᠠᠬᠢ ᠣᠷᠣᠭᠤᠯᠤᠯᠲᠠ ᠶᠢᠨ ᠡᠷᠴᠢᠮ ᠢᠶᠠᠨ | ᠨᠡᠮᠡᠭᠳᠡᠭᠦᠯᠦᠨ᠂ ᠵᠠᠮ ᠢ ᠬᠠᠲᠠᠭᠤᠷᠠᠭᠤᠯᠬᠤ᠂ ᠣᠷᠴᠢᠨ ᠲᠣᠭᠤᠷᠢᠨ ᠢ ᠴᠡᠭᠴᠡᠯᠡᠨ ᠵᠠᠰᠠᠬᠤ ᠵᠡᠷᠭᠡ ᠠᠷᠠᠳ ᠤᠨ | ᠠᠮᠢᠳᠤᠷᠠᠯ ᠤᠨ ᠣᠯᠠᠨ ᠵᠦᠢᠯ ᠤᠨ ᠢᠨᠵᠧᠨᠧᠷᠢᠩ ᠢ ᠬᠡᠷᠡᠭᠵᠢᠭᠦᠯᠵᠦ᠂ ᠦᠨᠳᠦᠰᠦᠲᠡᠨ ᠤ ᠲᠣᠰᠬᠤᠨ ᠤ | ᠦᠢᠯᠡᠳᠪᠦᠷᠢᠯᠡᠯ ᠠᠮᠢᠳᠤᠷᠠᠯ ᠤᠨ ᠨᠥᠬᠦᠴᠡᠯ ᠢ ᠪᠦᠲᠦᠮᠵᠢᠲᠡᠶ ᠰᠠᠶᠢᠵᠢᠷᠠᠭᠤᠯᠪᠠ᠃ ᠨᠡᠶᠢᠲᠡ 740 ᠭᠠᠷᠤᠶ ᠲᠦᠮᠡᠨ | ᠲᠥᠭᠦᠷᠢᠭ ᠤᠨ ᠪᠡᠯᠡ ᠣᠷᠣᠭᠤᠯᠵᠤ᠂ 12.8 ᠺᠢᠯᠤᠮᠧᠲᠷ ᠵᠠᠮ ᠢ ᠬᠠᠲᠠᠭᠤᠷᠠᠭᠤᠯᠪᠠ᠃ ︽ᠣᠨᠴᠠᠯᠢᠭᠲᠤ ᠠᠵᠤ | ᠦᠢᠯᠡᠰ︾ ᠢ ᠭᠥᠭᠵᠢᠭᠦᠯᠦᠨ᠎ᠡ᠃ ᠦᠨᠳᠦᠰᠦᠲᠡᠨ ᠤ ᠲᠣᠰᠬᠤᠨ ᠤ ᠪᠣᠳᠠᠲᠤ ᠪᠠᠶᠢᠳᠠᠯ ᠲᠠᠢ ᠤᠶᠠᠯᠳᠤᠭᠤᠯᠤᠨ᠂ | ᠲᠤᠬᠠᠶ ᠶᠢᠨ ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠤᠨ ᠣᠶ ᠰᠢᠭᠤᠶ ᠵᠢᠮᠢᠰ ᠢ ᠪᠤᠶᠢᠵᠢᠭᠤᠯᠬᠤ᠂ ᠡᠮ ᠤᠨ | ᠮᠠᠲ᠋ᠧᠷᠢᠶᠠᠯ ᠲᠠᠷᠢᠬᠤ ᠵᠡᠷᠭᠡ ᠣᠨᠴᠠᠯᠢᠭᠲᠤ ᠠᠵᠤ ᠦᠢᠯᠡᠰ ᠢ ᠬᠦᠭᠵᠢᠬᠦᠯᠦᠨ᠎ᠡ ᠃ ᠲᠤᠰᠬᠠᠶ ᠠᠵᠢᠯ ᠤᠨ ᠬᠤᠷᠰᠢᠶ᠎ᠠ | ᠪᠠᠶᠢᠭᠤᠯᠬᠤ᠂ ᠬᠥᠲᠥᠴᠢ ᠠᠵᠤ ᠠᠬᠤᠶᠢᠯᠠᠯ ᠢ ᠣᠷᠣᠭᠤᠯᠤᠨ ᠠᠪᠴᠢᠷᠠᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ | ᠂ ᠣᠯᠠᠨ ᠲᠦᠮᠡᠨ ᠢ ᠳᠠᠶᠢᠴᠢᠯᠠᠨ ᠣᠷᠣᠯᠭ᠎ᠠ ᠶᠢ ᠨᠢ ᠨᠡᠮᠡᠭᠳᠡᠭᠦᠯᠦᠨ ᠪᠠᠶᠠᠵᠢᠭᠤᠯᠤᠨ᠎ᠠ᠃ ᠣᠳᠣᠬᠠᠨ ᠳᠤ᠂ ᠪᠥᠬᠦ | ᠪᠠᠯᠭᠠᠰᠤᠨ ᠤ ᠦᠨᠳᠦᠰᠦᠲᠡᠨ ᠤ ᠲᠣᠰᠬᠤᠨ ᠤ ᠣᠨᠴᠠᠯᠢᠭᠲᠤ ᠠᠵᠤ ᠦᠢᠯᠡᠰ ᠤᠨ ᠪᠦᠷᠬᠦᠴᠡ ᠶᠢᠨ ᠨᠣᠷᠮ᠎ᠠ ᠶᠢ | 90% ᠠᠴᠠ ᠳᠡᠭᠡᠭᠰᠢ ᠳᠤ ᠬᠦᠷᠦᠭᠦᠯᠵᠦ᠂ ᠬᠥᠮᠦᠨ ᠳᠤᠮᠳᠠᠴᠢ ᠶᠢᠨ ᠣᠷᠣᠯᠭ᠎ᠠ ᠶᠢ 1200 ᠲᠥᠭᠦᠷᠢᠭ | ᠨᠡᠮᠡᠭᠳᠡᠭᠦᠯᠪᠡ᠃ ︽ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ︾ ᠶᠢ ᠠᠬᠢᠭᠤᠯᠤᠨ᠎ᠠ᠃ ᠦᠨᠳᠦᠰᠦᠲᠡᠨ ᠤ | ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠠᠵᠢᠯ ᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ | ᠪᠠᠶᠢᠯᠳᠤᠬᠤ ᠪᠣᠳᠣᠯᠭ᠎ᠠ ᠲᠠᠢ ᠤᠶᠠᠯᠳᠤᠭᠤᠯᠵᠤ᠂ ︽ᠠᠵᠤ ᠦᠢᠯᠡᠰ ᠬᠥᠭᠵᠢᠭᠰᠡᠨ᠂ ᠠᠮᠢ ᠠᠬᠤᠢ ᠣᠷᠣᠰᠢᠨ | ᠰᠠᠭᠤᠷᠢᠰᠢᠬᠤ ᠳᠤ ᠲᠣᠬᠢᠷᠠᠮᠵᠢᠲᠠᠢ᠂ ᠨᠤᠲᠤᠭ ᠤᠨ ᠰᠤᠷᠲᠠᠯ ᠪᠣᠯᠪᠠᠰᠤᠨ᠂ ᠵᠠᠰᠠᠯᠲᠠ ᠪᠦᠲᠦᠮᠵᠢᠲᠡᠢ᠂ ᠠᠮᠢᠳᠤᠷᠠᠯ | ᠪᠠᠶᠠᠨ ᠴᠢᠨᠡᠭᠡᠯᠢᠭ︾ ᠪᠠᠶᠢᠬᠤ ᠶᠡᠷᠦᠩᠬᠡᠢ ᠱᠠᠭᠠᠷᠳᠠᠯᠭ᠎ᠠ ᠶᠣᠰᠣᠭᠠᠷ᠂ ᠦᠨᠳᠦᠰᠦᠲᠡᠨ ᠤ ᠲᠣᠰᠬᠤᠨ ᠤ ᠠᠵᠤ | ᠠᠬᠤᠢ ᠶᠢᠨ ᠬᠥᠭᠵᠢᠯᠲᠡ᠂ ᠨᠡᠶᠢᠭᠡᠮ ᠤᠨ ᠳᠠᠪᠰᠢᠯᠲᠠ ᠪᠠ ᠰᠣᠶᠣᠯ ᠤᠨ ᠴᠡᠴᠡᠭᠯᠡᠯᠲᠡ ᠶᠢ ᠪᠦᠬᠦ ᠬᠦᠴᠦᠨ ᠢᠶᠠᠷ | ᠠᠬᠢᠭᠤᠯᠤᠨ᠎ᠠ᠃ ᠨᠡᠶᠢᠲᠡ 5500 ᠲᠦᠮᠡᠨ ᠲᠥᠭᠦᠷᠢᠭ ᠤᠨ ᠪᠠᠯᠠ ᠣᠷᠣᠭᠤᠯᠵᠤ᠂ ᠵᠢᠮᠢᠰ ᠢᠳᠡᠰᠢᠨ ᠨᠣᠭᠤᠭ᠎ᠠ | ᠡᠮ ᠤᠨ ᠮᠠᠲ᠋ᠧᠷᠢᠶᠠᠯ ᠢ ᠡᠳ᠋ᠰᠢᠭᠦᠯᠦᠨ ᠠᠷᠠᠯᠵᠢᠶᠠᠯᠠᠬᠤ ᠲᠥᠪ᠂ ︽ᠭᠤᠷᠪᠠᠨ ᠬᠤᠪᠢᠷᠠᠯᠲᠠ︾ ᠶᠢᠨ ᠥᠭᠡᠷᠡᠴᠢᠯᠡᠯᠲᠡ | ᠵᠢᠴᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠢᠱᠢᠶ᠎ᠡ ᠦᠵᠡᠭᠦᠯᠬᠦ ᠲᠣᠰᠬᠤᠨ ᠵᠡᠷᠭᠡ ᠬᠥᠳᠡᠭᠡ | ᠲᠣᠰᠬᠤᠨ ᠢ ᠬᠥᠭᠵᠢᠭᠦᠯᠦᠨ ᠮᠠᠨᠳᠤᠭᠤᠯᠬᠤ ᠲᠥᠷᠥᠯ ᠵᠦᠶ᠋ᠯ ᠢ ᠬᠡᠷᠡᠭᠵᠢᠭᠦᠯᠪᠠ᠃ | ᠲᠦᠷᠪᠡ ᠳᠤ᠂ ᠵᠥᠷᠢᠴᠡᠯ ᠢ ᠨᠠᠮᠳᠠᠭᠤᠯᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠦᠨᠳᠦᠰᠦᠲᠡᠨ ᠤ ᠡᠶ᠎ᠡ | ᠵᠣᠬᠢᠴᠠᠩᠭᠤᠢ ᠶᠢᠨ ︽ᠲᠣᠣᠷ︾ ᠢ ᠨᠢᠭᠲᠠ ᠰᠦᠯᠵᠢᠪᠡ᠃ ︽ᠭᠤᠷᠪᠠᠨ ᠱᠠᠲᠤᠨ ᠤ ᠵᠥᠷᠢᠴᠡᠯ ᠵᠢᠭᠤᠷᠠᠯᠳᠤᠭᠠᠨ ᠢ | ᠵᠢᠭᠰᠠᠭᠠᠨ ᠪᠠᠶᠢᠴᠠᠭᠠᠵᠤ ᠠᠷᠢᠯᠭᠠᠬᠤ ᠲᠣᠭᠲᠠᠴᠠ︾ ᠶᠢ ᠪᠠᠶᠢᠭᠤᠯᠤᠨ᠎ᠠ᠃ ᠪᠠᠯᠭᠠᠰᠤ᠂ ᠲᠣᠰᠬᠤᠨ᠂ ᠳᠤᠭᠤᠶᠢᠯᠠᠩ | ᠭᠤᠷᠪᠠᠨ ᠱᠠᠲᠤᠨ ᠤ ᠵᠥᠷᠢᠴᠡᠯ ᠵᠢᠭᠤᠷᠠᠯᠳᠤᠭᠠᠨ ᠢ ᠵᠢᠭᠰᠠᠭᠠᠨ ᠪᠠᠶᠢᠴᠠᠭᠠᠵᠤ ᠠᠷᠢᠯᠭᠠᠬᠤ ᠲᠣᠭᠲᠠᠴᠠ ᠶᠢ ᠪᠠᠶᠢᠭᠤᠯᠵᠤ | ᠂ ᠵᠥᠷᠢᠴᠡᠯ ᠵᠢᠭᠤᠷᠠᠯᠳᠤᠭᠠᠨ ᠢ ᠵᠢᠭᠰᠠᠭᠠᠨ ᠪᠠᠶᠢᠴᠠᠭᠠᠬᠤ ᠠᠵᠢᠯ ᠢ ᠲᠣᠭᠲᠠᠮᠠᠯ ᠬᠤᠭᠤᠴᠠᠭ᠎ᠠ ᠲᠠᠢ ᠪᠠᠷ ᠥᠷᠨᠢᠭᠦᠯᠵᠦ᠂ | ᠵᠢᠭᠰᠠᠭᠠᠨ ᠪᠠᠶᠢᠴᠠᠭᠠᠵᠤ ᠭᠠᠷᠭᠠᠭᠰᠠᠨ ᠵᠥᠷᠢᠴᠡᠯ ᠵᠢᠭᠤᠷᠠᠯᠳᠤᠭᠠᠨ ᠢ ᠴᠠᠭ ᠲᠤᠬᠠᠶ ᠳᠤᠨᠢ ᠡᠶᠡᠳᠡᠭᠦᠯᠦᠨ | ᠰᠢᠢᠳᠪᠤᠷᠢᠯᠡᠵᠦ᠂ ᠵᠥᠷᠢᠴᠡᠯ ᠵᠢᠭᠤᠷᠠᠯᠳᠤᠭᠠᠨ ᠢ ᠨᠡᠶᠢᠲᠡ 90 ᠤᠳᠠᠭ᠎ᠠ ᠵᠢᠭᠰᠠᠭᠠᠨ ᠪᠠᠶᠢᠴᠠᠭᠠᠵᠤ᠂ 88 ᠬᠡᠷᠡᠭ ᠢ | ᠡᠶᠡᠳᠡᠭᠦᠯᠦᠨ ᠰᠢᠢᠳᠪᠤᠷᠢᠯᠡᠵᠦ᠂ ᠡᠶᠡᠳᠡᠭᠦᠯᠦᠨ ᠵᠣᠬᠢᠴᠠᠭᠤᠯᠤᠭᠰᠠᠨ ᠨᠣᠷᠮ᠎ᠠ 97.8% ᠬᠦᠷᠪᠡ᠃ ︽ | ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠬᠠᠤᠯᠢ ᠴᠠᠭᠠᠵᠠ ᠶᠢᠨ ᠦᠢᠯᠡᠴᠢᠯᠡᠭᠡᠨ ᠤ ᠥᠷᠲᠡᠭᠡ︾ ᠶᠢ | ᠪᠠᠶᠢᠭᠤᠯᠪᠠ᠃ ᠪᠠᠯᠭᠠᠰᠤᠨ ᠤ ᠬᠠᠤᠯᠢ ᠴᠠᠭᠠᠵᠠ ᠶᠢᠨ ᠭᠠᠵᠠᠷ ᠲᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ | ᠬᠠᠤᠯᠢ ᠴᠠᠭᠠᠵᠠ ᠶᠢᠨ ᠦᠢᠯᠡᠴᠢᠯᠡᠭᠡᠨ ᠤ ᠥᠷᠲᠡᠭᠡ ᠪᠠᠶᠢᠭᠤᠯᠵᠤ᠂ ᠴᠥᠭᠡᠨ ᠲᠣᠭᠠᠲᠤ ᠦᠨᠳᠦᠰᠦᠲᠡᠨ ᠤ ᠣᠯᠠᠨ | ᠲᠦᠮᠡᠨ ᠳᠤ ᠬᠠᠤᠯᠢ ᠴᠠᠭᠠᠵᠠ ᠶᠢᠨ ᠯᠠᠪᠯᠠᠭ᠎ᠠ᠂ ᠬᠠᠤᠯᠢ ᠴᠠᠭᠠᠵᠠ ᠶᠢᠨ ᠲᠤᠰᠠᠯᠠᠮᠵᠢ ᠵᠡᠷᠭᠡ ᠦᠢᠯᠡᠴᠢᠯᠡᠭᠡ ᠬᠠᠩᠭᠠᠨ᠎ᠠ | ᠃ ᠴᠥᠭᠡᠨ ᠲᠣᠭᠠᠲᠤ ᠦᠨᠳᠦᠰᠦᠲᠡᠨ ᠤ ᠣᠯᠠᠨ ᠲᠦᠮᠡᠨ ᠳᠤ ᠨᠡᠶᠢᠲᠡ 40 ᠬᠥᠮᠦᠨ ᠤᠳᠠᠭ᠎ᠠ ᠬᠠᠤᠯᠢ | ᠴᠠᠭᠠᠵᠠ ᠶᠢᠨ ᠦᠢᠯᠡᠴᠢᠯᠡᠭᠡ ᠬᠠᠩᠭᠠᠵᠤ᠂ 13 ᠬᠥᠮᠦᠨ ᠤ ᠬᠠᠤᠯᠢ ᠴᠠᠭᠠᠵᠠ ᠶᠢᠨ ᠵᠥᠪᠯᠡᠯᠭᠡ ᠳᠤ ᠬᠠᠷᠢᠭᠤᠯᠲᠠ | ᠥᠭᠴᠦ᠂ ᠬᠠᠤᠯᠢ ᠴᠠᠭᠠᠵᠠ ᠶᠢᠨ ᠲᠤᠰᠠᠯᠠᠮᠵᠢ ᠶᠢᠨ 1 ᠬᠡᠷᠡᠭ ᠢ ᠰᠢᠢᠳᠪᠦᠷᠢᠯᠡᠪᠡ᠃ |