ᠨᠢᠩᠴᠧᠩ ᠰᠢᠶᠠᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠵᠠᠰᠠᠯ ᠴᠢᠮᠡᠭᠯᠡᠯ ᠤᠨ ᠲᠤᠰᠬᠠᠶ ᠵᠦᠢᠯ ᠤᠨ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ ᠥᠷᠨᠢᠭᠦᠯᠪᠡ
ᠨᠡᠶᠢᠲᠡᠯᠡᠭᠰᠡᠨ ᠴᠠᠭ᠄
2024/9/19
    ᠣᠶᠢᠷ᠎ᠠ ᠳᠤ᠂ ᠰᠢᠶᠠᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠵᠠᠰᠠᠯ ᠴᠢᠮᠡᠭᠯᠡᠯ ᠤᠨ ᠲᠤᠰᠬᠠᠶ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ ᠥᠷᠨᠢᠭᠦᠯᠪᠡ᠃ ᠪᠠᠷᠢᠯᠭ᠎ᠠ ᠪᠠ ᠵᠠᠰᠠᠯ ᠴᠢᠮᠡᠭᠯᠡᠯ ᠤᠨ ᠮᠠᠲ᠋ᠧᠷᠢᠶᠠᠯ ᠤᠨ ᠶᠠᠰᠤ ᠴᠢᠨᠠᠷ ᠤᠨ ᠬᠢᠨᠠᠯᠲᠠ ᠬᠠᠮᠢᠶᠠᠷᠤᠯᠲᠠ ᠶᠢ ᠤᠯᠠᠮ ᠨᠢᠭᠡ ᠠᠯᠬᠤᠮ ᠴᠢᠩᠭᠠᠳᠬᠠᠵᠤ᠂ ᠪᠠᠷᠢᠯᠭ᠎ᠠ ᠶᠢᠨ ᠮᠠᠲ᠋ᠧᠷᠢᠶᠠᠯ ᠤᠨ ᠵᠠᠬ᠎ᠠ ᠳᠡᠯᠭᠡᠭᠦᠷ ᠤᠨ ᠡᠵᠡᠩᠨᠡᠯᠲᠡ ᠶᠢᠨ ᠡᠮᠬᠢ ᠳᠢᠭᠯᠢᠮ ᠢ ᠵᠢᠷᠤᠮᠵᠢᠭᠤᠯᠤᠨ᠂ ᠠᠷᠠᠳ ᠣᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠦᠨᠡᠨᠬᠦ ᠪᠠᠲᠤᠯᠠᠵᠤ᠂ ᠦᠢᠯᠡᠴᠢᠯᠡᠭᠡᠨ ᠤ ᠬᠦᠷᠢᠶᠡᠨ ᠳᠠᠬᠢ ᠬᠡᠷᠡᠭᠯᠡᠭᠡᠨ ᠤ ᠡᠷᠬᠡ ᠠᠰᠢᠭ ᠢ ᠬᠠᠮᠠᠭᠠᠯᠠᠬᠤ ᠬᠢᠨᠠᠯᠲᠠ ᠬᠠᠮᠢᠶᠠᠷᠤᠯᠲᠠ ᠬᠢᠭᠡᠳ ᠦᠢᠯᠡᠴᠢᠯᠡᠭᠡᠨ ᠤ ᠬᠦᠷᠢᠶᠡᠨ ᠳᠠᠬᠢ ᠬᠡᠷᠡᠭᠯᠡᠭᠡᠨ ᠤ ᠡᠷᠬᠡ ᠠᠰᠢᠭ ᠢ ᠬᠠᠮᠠᠭᠠᠯᠠᠬᠤ ᠲᠤᠰᠬᠠᠶ ᠴᠡᠭᠴᠡᠯᠡᠨ ᠵᠠᠰᠠᠬᠤ ᠶᠢ ᠣᠷᠭᠠᠨᠢᠭ ᠢᠶᠠᠷ ᠤᠶᠠᠯᠳᠤᠭᠤᠯᠬᠤ ᠶᠢ ᠴᠢᠩᠭᠠᠳᠬᠠᠪᠠ᠃ ᠬᠠᠤᠯᠢ ᠬᠡᠷᠡᠭᠵᠢᠭᠦᠯᠬᠦ ᠠᠵᠢᠯᠲᠠᠨ ᠡᠯ᠎ᠡ ᠡᠵᠡᠩᠨᠡᠯᠲᠡ ᠶᠢᠨ ᠭᠤᠣᠯ ᠴᠣᠭᠴᠠ ᠬᠡᠷᠡᠭᠯᠡᠭᠴᠢᠳ ᠲᠤ ᠬᠤᠳᠠᠯᠳᠤᠭᠠᠨ ᠤ ᠴᠢᠨᠠᠷᠲᠠᠶ ᠮᠡᠳᠡᠭᠡ ᠵᠠᠩᠭᠢ ᠢᠯᠡᠭᠡᠬᠦ ᠠᠵᠢᠯᠯᠠᠭ᠎ᠠ ᠣᠷᠣᠰᠢᠵᠤ ᠪᠠᠶᠢᠬᠤ ᠡᠰᠡᠬᠦ᠂ ᠦᠢᠯᠡᠴᠢᠯᠡᠭᠡᠨ ᠤ ᠳᠤᠮᠳᠠ ᠬᠤᠳᠠᠯ ᠬᠠᠭᠤᠷᠮᠠᠭ ᠪᠤᠶᠤ ᠬᠥᠮᠦᠨ ᠢ ᠠᠳᠡᠭᠦᠦ ᠪᠤᠷᠤᠭᠤ ᠣᠶᠢᠯᠠᠭᠠᠭᠤᠯᠬᠤ ᠤᠬᠠᠭᠤᠯᠭ᠎ᠠ ᠶᠢᠨ ᠠᠷᠭ᠎ᠠ ᠮᠠᠶ᠋ᠢᠭ ᠢ ᠠᠰᠢᠭᠯᠠᠨ ᠬᠡᠷᠡᠭᠯᠡᠭᠴᠢᠳ ᠢ ᠮᠡᠬᠡᠯᠡᠵᠦ ᠪᠤᠷᠤᠭᠤ ᠵᠦᠭ ᠬᠥᠲᠥᠯᠬᠦ᠂ ᠬᠡᠷᠡᠭᠯᠡᠭᠴᠢᠳ ᠲᠤ ᠦᠢᠯᠡᠴᠢᠯᠡᠭᠡᠨ ᠤ ᠬᠢᠷᠢ ᠬᠡᠮ ᠦᠭᠡᠶ ᠪᠤᠶᠤ ᠪᠣᠯᠵᠣᠨ ᠲᠣᠭᠲᠠᠭᠰᠠᠨ ᠶᠣᠰᠣᠭᠠᠷ ᠲᠠᠸᠠᠷ ᠪᠤᠶᠤ ᠦᠢᠯᠡᠴᠢᠯᠡᠭᠡ ᠬᠠᠩᠭᠠᠭᠰᠠᠨ ᠦᠭᠡᠶ᠂ ᠬᠤᠳᠠᠯ ᠬᠠᠭᠤᠷᠮᠠᠭ ᠢᠶᠠᠷ ᠦᠨ᠎ᠡ ᠬᠠᠳᠠᠵᠤ ᠬᠡᠷᠡᠭᠯᠡᠭᠴᠢᠳ ᠢ ᠪᠤᠷᠤᠭᠤ ᠣᠶᠢᠯᠠᠭᠠᠭᠤᠯᠤᠭᠰᠠᠨ ᠪᠠᠶᠢᠬᠤ ᠡᠰᠡᠬᠦ᠂ ᠬᠡᠷᠡᠭᠯᠡᠭᠴᠢᠳ ᠤᠨ ᠬᠠᠤᠯᠢ ᠶᠣᠰᠣᠨ ᠤ ᠡᠷᠬᠡ ᠠᠰᠢᠭ ᠲᠤ ᠬᠠᠯᠳᠠᠭᠰᠠᠨ ᠠᠵᠢᠯᠯᠠᠭ᠎ᠠ ᠪᠠᠶᠢᠬᠤ ᠡᠰᠡᠬᠦ ᠵᠡᠷᠭᠡ ᠪᠠᠶᠢᠳᠠᠯ ᠳᠤ ᠪᠠᠶᠢᠴᠠᠭᠠᠯᠲᠠ ᠬᠢᠪᠡ᠃ ᠡᠭᠦᠨ ᠤ ᠬᠠᠮᠲᠤ᠂ ᠡᠵᠡᠩᠨᠡᠭᠴᠢ ᠳᠤ ᠦᠢᠯᠡᠳᠬᠦᠨ ᠤ ᠶᠠᠰᠤ ᠴᠢᠨᠠᠷ ᠤᠨ ᠬᠠᠮᠢᠶ᠎ᠠ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠢ ᠢᠳᠡᠪᠬᠢᠲᠡᠶ ᠤᠬᠠᠭᠤᠯᠵᠤ᠂ ᠲᠡᠭᠦᠨ ᠢ ᠬᠥᠲᠥᠯᠥᠨ ᠵᠢᠯᠣᠭᠤᠳᠴᠤ ᠦᠢᠯᠡᠳᠬᠦᠨ ᠤ ᠶᠠᠰᠤ ᠴᠢᠨᠠᠷ ᠤᠨ ᠠᠮᠤᠷ ᠲᠦᠪᠰᠢᠨ ᠤ ᠦᠵᠡᠯ ᠤᠬᠠᠮᠰᠠᠷ ᠢ ᠨᠢ ᠳᠡᠭᠡᠭᠰᠢᠯᠡᠭᠦᠯᠦᠨ᠂ ᠭᠤᠤᠯ ᠴᠣᠭᠴᠠ ᠶᠢᠨ ᠬᠠᠷᠢᠭᠤᠴᠠᠯᠭ᠎ᠠ ᠶᠢ ᠤᠬᠠᠮᠰᠠᠷ ᠠᠴᠠ ᠪᠠᠨ ᠨᠠᠶᠢᠳᠠᠪᠤᠷᠢᠵᠢᠭᠤᠯᠵᠤ᠂ ᠦᠨᠡᠨᠴᠢ ᠢᠲᠡᠭᠡᠮᠵᠢᠲᠡᠶ ᠪᠥᠭᠡᠳ ᠬᠠᠤᠯᠢ ᠶᠢ ᠰᠠᠬᠢᠵᠤ ᠡᠵᠡᠩᠨᠡᠭᠦᠯᠬᠦ ᠬᠡᠷᠡᠭᠲᠡᠶ ᠭᠡᠵᠦ ᠱᠠᠭᠠᠷᠳᠠᠪᠠ᠃ ᠣᠲᠣ ᠪᠣᠯᠲᠠᠯ᠎ᠠ᠂ ᠨᠡᠶᠢᠲᠡ 62 ᠵᠠᠬ᠎ᠠ ᠳᠡᠯᠭᠡᠭᠦᠷ ᠤᠨ ᠡᠵᠡᠩᠨᠡᠯᠲᠡ ᠶᠢᠨ ᠪᠡᠶᠡᠴᠢ ᠴᠣᠭᠴᠠ ᠶᠢ ᠪᠠᠶᠢᠴᠠᠭᠠᠵᠤ᠂ ᠬᠠᠤᠯᠢ ᠲᠣᠭᠲᠠᠭᠠᠯ ᠠᠴᠠ ᠵᠥᠷᠢᠴᠡᠭᠰᠡᠨ ᠠᠵᠢᠯᠯᠠᠭ᠎ᠠ ᠶᠢ ᠲᠦᠷ ᠢᠯᠡᠷᠡᠭᠦᠯᠦᠭᠰᠡᠨ ᠥᠬᠡᠶ᠃ ᠳᠠᠷᠠᠭᠠᠴᠢ ᠶᠢᠨ ᠠᠯᠬᠤᠮ ᠳᠤ᠂ ᠰᠢᠶᠠᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠡᠵᠡᠩᠨᠡᠭᠴᠢᠳ ᠢ ᠦᠷᠭᠦᠯᠵᠢᠯᠡᠨ ᠵᠢᠯᠣᠭᠤᠳᠴᠤ ᠪᠠᠶᠢᠭᠠᠳ ᠦᠢᠯᠡᠴᠢᠯᠡᠭᠡᠨ ᠤ ᠶᠠᠰᠤ ᠴᠢᠨᠠᠷ ᠢ ᠨᠢ ᠳᠡᠭᠡᠭᠰᠢᠯᠡᠭᠦᠯᠵᠦ᠂ ᠬᠡᠷᠡᠭᠯᠡᠭᠴᠢᠳ ᠢ ᠬᠥᠲᠥᠯᠥᠨ ᠵᠢᠯᠣᠭᠤᠳᠴᠤ ᠪᠠᠶᠢᠭᠠᠳ ᠣᠶᠤᠨᠴᠢ ᠪᠠᠷ ᠬᠡᠷᠡᠭᠯᠡᠭᠡ ᠬᠢᠬᠦ᠂ ᠬᠠᠤᠯᠢ ᠶᠣᠰᠣᠭᠠᠷ ᠡᠷᠬᠡ ᠪᠠᠨ ᠬᠠᠮᠠᠭᠠᠯᠠᠬᠤ ᠤᠬᠠᠮᠰᠠᠷ ᠢ ᠨᠢ ᠳᠡᠭᠡᠭᠰᠢᠯᠡᠭᠦᠯᠵᠦ᠂ ᠦᠢᠯᠡᠴᠢᠯᠡᠭᠡᠨ ᠤ ᠬᠦᠷᠢᠶᠡᠨ ᠳᠠᠬᠢ ᠬᠡᠷᠡᠭᠯᠡᠭᠡᠨ ᠤ ᠣᠷᠴᠢᠨ ᠲᠣᠭᠤᠷᠢᠨ ᠢ ᠲᠠᠰᠤᠷᠠᠯᠲᠠ ᠦᠭᠡᠢ ᠰᠢᠯᠢᠳᠡᠭᠵᠢᠭᠦᠯᠬᠦ ᠶᠢ ᠠᠬᠢᠭᠤᠯᠤᠨ᠎ᠠ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000963号