| ᠨᠢᠭᠡ ᠳᠤ᠂ ᠨᠠᠮ ᠤᠨ ᠪᠠᠶᠢᠭᠤᠯᠤᠯᠲᠠ ᠪᠠᠷ ᠤᠳᠤᠷᠢᠳᠤᠮᠵᠢ ᠪᠣᠯᠭᠠᠵᠤ᠂ ᠦᠨᠳᠦᠰᠦᠨ ᠱᠠᠲᠤᠨ ᠤ ᠵᠠᠰᠠᠯᠲᠠ ᠶᠢᠨ | ︽ᠰᠢᠨ᠎ᠡ ᠠᠷᠭ᠎ᠠ ᠵᠠᠮ︾ ᠢ ᠥᠷᠭᠡᠳᠬᠡᠪᠡ᠃ ᠲᠤᠰ ᠪᠠᠯᠭᠠᠰᠤ ᠬᠠᠮᠲᠤ ᠪᠠᠷ ᠪᠠᠶᠢᠭᠤᠯᠵᠤ ᠬᠠᠮᠲᠤ ᠪᠠᠷ ᠵᠠᠰᠠᠬᠤ ᠶᠢ | ᠠᠬᠢᠭᠤᠯᠬᠤ᠂ ᠵᠠᠭᠠᠯᠳᠤᠬᠤ ᠠᠴᠠ ᠡᠮᠦᠨᠡᠬᠢ ᠵᠢᠭᠤᠷᠠᠯᠳᠤᠭᠠᠨ ᠢ ᠠᠷᠢᠯᠭᠠᠬᠤ ᠲᠠᠯ᠎ᠠ ᠪᠠᠷ ᠬᠢ ︽ᠰᠢᠨ᠎ᠡ ᠵᠠᠮ︾ ᠢ | ᠢᠳᠡᠪᠬᠢᠲᠡᠶ ᠪᠠᠷ ᠬᠠᠶᠢᠨ ᠰᠦᠪᠡᠭᠴᠢᠯᠡᠵᠦ᠂ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠠᠴᠠ | ᠤᠳᠤᠷᠢᠳᠬᠤ᠂ ᠠᠷᠠᠳᠴᠢᠯᠠᠯ ᠢᠶᠠᠷ ᠵᠥᠪᠳᠡᠯᠴᠡᠬᠦ᠂ ᠨᠡᠶᠢᠭᠡᠮ ᠢᠶᠠᠷ ᠢᠶᠠᠨ ᠬᠠᠮᠵᠢᠯᠴᠠᠬᠤ᠂ ᠤᠯᠠᠨ ᠨᠡᠶᠢᠲᠡ ᠪᠠᠷ ᠢᠶᠠᠨ | ᠣᠷᠣᠯᠴᠠᠬᠤ᠂ ᠬᠠᠤᠯᠢ ᠪᠠᠷ ᠵᠠᠰᠠᠬᠤ ᠶᠢ ᠪᠠᠲᠤᠯᠠᠬᠤ ᠨᠡᠶᠢᠭᠡᠮ ᠤᠨ ᠵᠠᠰᠠᠯᠲᠠ ᠶᠢᠨ ᠰᠢᠰᠲ᠋ᠧᠮ ᠢ ᠲᠠᠰᠤᠷᠠᠯᠲᠠ ᠦᠭᠡᠢ | ᠲᠡᠭᠦᠯᠳᠡᠷᠵᠢᠭᠦᠯᠪᠡ᠃ ᠲᠣᠰᠬᠤᠨ ︵ᠨᠡᠶᠢᠭᠡᠮ ᠲᠣᠭᠤᠷᠢᠭ︶ ᠤ ᠨᠠᠮ ᠤᠨ ᠡᠭᠦᠷ᠂ ᠬᠠᠮᠲᠤᠪᠠᠷ ᠰᠠᠭᠤᠵᠤ ᠬᠠᠮᠲᠤᠪᠠᠷ | ᠪᠠᠶᠢᠭᠤᠯᠬᠤ ᠨᠢᠭᠡᠴᠡ ᠳᠤ ᠲᠦᠰᠢᠭᠯᠡᠨ᠂ ᠡᠬᠢ ᠪᠠᠶᠠᠯᠢᠭ ᠢ ᠡᠮᠬᠢᠯᠡᠨ ᠨᠡᠶᠢᠯᠡᠭᠦᠯᠵᠦ ᠬᠠᠷᠢᠶ᠎ᠠ ᠣᠷᠣᠨ ᠤ ᠲᠣᠮᠢᠯᠠᠭᠰᠠᠨ | ᠰᠠᠯᠪᠤᠷᠢ᠂ ᠬᠠᠤᠯᠢ ᠴᠠᠭᠠᠵᠠ ᠶᠢᠨ ᠭᠠᠵᠠᠷ ᠵᠡᠷᠭᠡ ᠡᠭᠦᠷᠭᠡ ᠴᠢᠳᠠᠪᠤᠷᠢ ᠶᠢᠨ ᠦᠢᠯᠡᠳᠦᠯ ᠢ ᠪᠠᠳᠠᠷᠠᠭᠤᠯᠵᠤ᠂ | ᠦᠨᠳᠦᠰᠦᠨ ᠱᠠᠲᠤᠨ ᠤ ᠵᠠᠰᠠᠯᠲᠠ ᠶᠢᠨ ᠬᠦᠷᠢᠶ᠎ᠡ ᠴᠠᠷᠠᠭ᠎ᠠ ᠶᠢ ᠲᠠᠰᠤᠷᠠᠯᠲᠠ ᠥᠬᠡᠶ ᠥᠷᠭᠡᠳᠬᠡᠨ᠂ ᠠᠷᠭ᠎ᠠ | ᠪᠣᠳᠣᠯᠭ᠎ᠠ ᠶᠢ ᠠᠷᠠᠳ ᠣᠯᠠᠨ ᠤ ᠬᠡᠷᠡᠭᠴᠡᠭᠡ ᠱᠠᠭᠠᠷᠳᠠᠯᠭ᠎ᠠ ᠠᠴᠠ ᠠᠰᠠᠭᠤᠵᠤ᠂ ᠰᠠᠭᠤᠷᠢ ᠲᠤᠭ᠎ᠠ ᠶᠢ ᠲᠣᠳᠣᠷᠬᠠᠶ | ᠤᠶᠢᠯᠠᠭᠠᠨ᠂ ᠬᠡᠷᠡᠭᠴᠡᠭᠡ ᠱᠠᠭᠠᠷᠳᠠᠯᠭ᠎ᠠ ᠶᠢ ᠣᠶᠢᠯᠠᠭᠠᠵᠤ᠂ ᠬᠤᠤᠰ ᠴᠢᠭᠯᠡᠯ ᠢᠶᠠᠷ ᠬᠠᠷᠢᠯᠴᠠᠨ ᠬᠥᠳᠡᠯᠦᠯᠴᠡᠬᠦ | ᠲᠠᠪᠴᠠᠩ ᠢ ᠪᠠᠶᠢᠭᠤᠯᠵᠤ᠂ ᠣᠯᠠᠨ ᠲᠦᠮᠡᠨ ᠤ ᠰᠠᠨᠠᠭ᠎ᠠ ᠵᠣᠪᠠᠭᠰᠠᠨ ᠵᠥᠷᠢᠴᠡᠯ ᠵᠢᠭᠤᠷᠠᠯᠳᠤᠭᠠᠨ ᠢ ᠦᠨᠡᠨ ᠬᠦ | ᠦᠨᠳᠦᠰᠦᠨ ᠱᠠᠲᠤᠨ ᠳᠤ ᠠᠷᠢᠯᠭᠠᠪᠠ᠃ ᠡᠨᠡ ᠵᠢᠯ ᠠᠴᠠ ᠨᠠᠰᠢ᠂ 20 ᠭᠠᠷᠤᠢ ᠵᠥᠷᠢᠴᠡᠯ ᠵᠢᠭᠤᠷᠠᠯᠳᠤᠭᠠᠨ ᠢ | ᠰᠢᠢᠳᠪᠤᠷᠢᠯᠡᠪᠡ᠃ | ᠬᠤᠶᠠᠷ ᠲᠤ ᠵᠣᠯ ᠵᠢᠷᠭᠠᠯ ᠢᠶᠠᠷ ᠬᠠᠷᠠᠯᠲᠠ ᠪᠣᠯᠭᠠᠵᠤ᠂ ᠦᠨᠳᠦᠰᠦᠨ ᠱᠠᠲᠤᠨ ᠤ ︽ᠢᠵᠢᠯ ᠲᠥᠪᠲᠦ ᠲᠣᠭᠤᠷᠢᠭ | ︾ ᠢ ᠬᠠᠮᠲᠤᠪᠠᠷ ᠵᠢᠷᠤᠭᠯᠠᠨ᠎ᠠ᠃ ᠬᠠᠷᠢᠶ᠎ᠠ ᠣᠷᠣᠨ ᠤ ᠰᠠᠭᠤᠭᠠᠯᠢ ᠠᠷᠠᠳ ᠤᠨ ᠲᠣᠰᠬᠤᠨ ︵ᠨᠡᠶᠢᠭᠡᠮ ᠲᠣᠭᠤᠷᠢᠭ︶ ᠤ | ᠣᠯᠠᠨ ᠨᠡᠶᠢᠲᠡ ᠶᠢᠨ ᠬᠡᠷᠡᠭ ᠶᠠᠪᠤᠳᠠᠯ ᠢ ᠬᠠᠯᠠᠮᠵᠢᠯᠠᠬᠤ ᠶᠢ ᠢᠳᠡᠪᠬᠢᠲᠡᠶ ᠪᠠᠷ ᠬᠥᠲᠥᠯᠥᠨ ᠵᠢᠯᠣᠭᠤᠳᠴᠤ᠂ | ᠣᠷᠣᠯᠴᠠᠬᠤ ᠤᠬᠠᠮᠰᠠᠷ ᠢ ᠬᠥᠭᠵᠢᠭᠡᠨ᠂ ᠬᠠᠮᠲᠤᠪᠠᠷ ᠵᠥᠪᠳᠡᠯᠴᠡᠵᠦ ᠬᠠᠮᠲᠤᠪᠠᠷ ᠵᠥᠪᠯᠡᠬᠦ᠂ ᠬᠠᠮᠲᠤᠪᠠᠷ ᠪᠠᠶᠢᠭᠤᠯᠵᠤ | ᠬᠠᠮᠲᠤᠪᠠᠷ ᠡᠳ᠋ᠯᠡᠬᠦ ᠶᠢ ᠪᠡᠶᠡᠯᠡᠭᠦᠯᠦᠨ᠎ᠡ᠃ ᠪᠠᠯᠭᠠᠰᠤᠨ ᠤ ᠲᠣᠭᠤᠷᠢᠭ ᠤᠨ ᠪᠣᠳᠠᠲᠤ ᠪᠠᠶᠢᠳᠠᠯ ᠲᠠᠢ ᠤᠶᠠᠯᠳᠤᠭᠤᠯᠤᠨ᠂ | ᠦᠨᠳᠦᠰᠦᠨ ᠱᠠᠲᠤᠨ ᠤ ᠠᠷᠠᠳᠴᠢᠯᠠᠯ ᠢᠶᠠᠷ ᠵᠥᠪᠳᠡᠯᠴᠡᠨ ᠬᠡᠷᠡᠭ ᠵᠥᠪᠯᠡᠬᠦ ᠲᠣᠭᠲᠠᠴᠠ ᠳᠤ ᠲᠦᠰᠢᠭᠯᠡᠨ᠂ | ᠴᠤᠭᠯᠠᠭᠤᠯᠤᠭᠰᠠᠨ ᠰᠠᠭᠤᠭᠠᠯᠢ ᠠᠷᠠᠳ ᠤᠨ ᠬᠦᠰᠡᠯ ᠱᠠᠭᠠᠷᠳᠠᠯᠭ᠎ᠠ ᠶᠢ ᠲᠥᠷᠥᠯ ᠬᠤᠪᠢᠶᠠᠨ ᠬᠤᠷᠢᠶᠠᠩᠭᠤᠶᠢᠯᠠᠵᠤ᠂ | ᠨᠠᠮ ᠤᠨ ᠭᠡᠰᠢᠭᠦᠨ᠂ ᠲᠣᠰᠬᠤᠨ ᠤ ᠠᠷᠠᠳ ᠤᠨ ᠵᠥᠪᠯᠡᠯ ᠤᠨ ᠺᠠᠳ᠋ᠷ᠂ ᠬᠠᠯᠠᠭᠤᠨ ᠰᠡᠳᠬᠢᠯᠲᠦ ᠲᠣᠰᠬᠤᠨ ᠤ ᠠᠷᠠᠳ | ᠵᠡᠷᠭᠡ ᠬᠠᠮᠢᠶ᠎ᠠ ᠪᠥᠬᠦᠶ ᠬᠦᠴᠦᠨ ᠢ ᠵᠣᠬᠢᠶᠠᠨ ᠪᠠᠶᠢᠭᠤᠯᠤᠨ ᠵᠥᠪᠳᠡᠯᠴᠡᠨ ᠶᠠᠷᠢᠯᠴᠠᠵᠤ᠂ ᠠᠮᠤᠷ ᠢ ᠬᠠᠮᠠᠭᠠᠯᠠᠵᠤ | ᠲᠣᠭᠲᠠᠭᠤᠨ ᠢ ᠬᠠᠮᠠᠭᠠᠯᠠᠬᠤ᠂ ᠰᠠᠭᠤᠷᠢ ᠲᠥᠬᠦᠭᠡᠷᠦᠮᠵᠢ ᠶᠢ ᠰᠡᠯᠪᠢᠨ ᠵᠠᠰᠠᠬᠤ ᠵᠡᠷᠭᠡ ᠰᠠᠭᠤᠭᠠᠯᠢ ᠠᠷᠠᠳ ᠤᠨ | ᠠᠩᠬᠠᠷᠴᠤ ᠪᠠᠶᠢᠭ᠎ᠠ ᠬᠠᠯᠠᠮᠰᠢᠯ ᠠᠰᠠᠭᠤᠳᠠᠯ ᠪᠠ ᠬᠦᠴᠢᠷ ᠠᠰᠠᠭᠤᠳᠠᠯ ᠢ ᠰᠢᠢᠳᠪᠦᠷᠢᠯᠡᠬᠦ ᠶᠢ ᠠᠬᠢᠭᠤᠯᠪᠠ᠃ | ᠣᠳᠣᠬᠠᠨ ᠪᠣᠯᠲᠠᠯ᠎ᠠ᠂ ᠵᠥᠪᠳᠡᠯᠴᠡᠨ ᠬᠡᠷᠡᠭ ᠵᠥᠪᠯᠡᠬᠦ ᠪᠠᠷ ᠳᠠᠮᠵᠢᠭᠤᠯᠤᠨ᠂ ᠬᠤᠭ ᠨᠣᠪᠰᠢ ᠶᠢ ᠳᠤᠷ᠎ᠠ ᠪᠠᠷ ᠢᠶᠠᠨ | ᠬᠠᠶᠠᠬᠤ ᠵᠡᠷᠭᠡ ᠰᠠᠭᠤᠭᠠᠯᠢ ᠠᠷᠠᠳ ᠤᠨ ᠪᠠᠴᠢᠮ ᠪᠡᠷᠬᠡ ᠵᠣᠪᠠᠨᠢᠯ ᠤᠨ ᠠᠰᠠᠭᠤᠳᠠᠯ ᠢ ᠤᠷᠢᠳ ᠬᠤᠵᠢᠳ | ᠰᠢᠢᠳᠪᠦᠷᠢᠯᠡᠪᠡ᠃ ᠠᠷᠠᠳ ᠤᠨ ᠰᠡᠳᠬᠢᠯ ᠢ ᠳᠤᠯᠠᠭᠠᠴᠠᠭᠤᠯᠬᠤ ᠡᠯ᠎ᠡ ᠲᠦᠷᠦᠯ ᠤᠨ ᠲᠣᠬᠤᠨᠢᠭᠤᠯᠬᠤ ᠠᠵᠢᠯᠯᠠᠭ᠎ᠠ ᠶᠢ | ᠥᠷᠨᠢᠭᠦᠯᠵᠦ᠂ ᠭᠠᠭᠴᠠᠭᠠᠷ ᠰᠠᠭᠤᠭ᠎ᠠ ᠨᠠᠰᠤᠲᠠᠶᠢᠴᠤᠳ᠂ ᠬᠦᠳᠡᠯᠮᠤᠷᠢᠯᠡᠬᠦ ᠴᠢᠳᠠᠪᠤᠷᠢ ᠪᠠᠨ ᠠᠯᠳᠠᠭᠰᠠᠨ ᠬᠥᠮᠦᠰ | ᠵᠡᠷᠭᠡ ᠣᠨᠴᠠᠭᠠᠢ ᠬᠥᠮᠦᠰ ᠲᠤ ᠴᠢᠰᠤᠨ ᠳᠠᠷᠤᠯᠲᠠ ᠶᠢ ᠬᠡᠮᠵᠢᠬᠦ᠂ ᠦᠰᠦ ᠵᠠᠰᠠᠬᠤ ᠵᠡᠷᠭᠡ ᠰᠡᠳᠬᠢᠯ ᠢ | ᠳᠤᠯᠠᠭᠠᠴᠠᠭᠤᠯᠬᠤ ᠦᠢᠯᠡᠴᠢᠯᠡᠭᠡ ᠬᠠᠩᠭᠠᠵᠤ᠂ ᠲᠣᠰᠬᠤᠨ ᠤ ᠠᠷᠠᠳ ᠤᠨ ᠵᠣᠯ ᠵᠢᠷᠭᠠᠯ ᠤᠨ ᠵᠢᠭᠠᠯᠲᠠ ᠲᠤᠭ᠎ᠠ ᠶᠢ | ᠳᠡᠭᠡᠭᠰᠢᠯᠡᠭᠦᠯᠪᠡ᠃ | ᠭᠤᠷᠪᠠ ᠳᠤ᠂ ᠦᠢᠯᠡᠴᠢᠯᠡᠭᠡ ᠪᠠᠷ ᠭᠠᠷᠳᠠᠴᠠ ᠪᠣᠯᠭᠠᠵᠤ᠂ ᠦᠨᠳᠦᠰᠦᠨ ᠱᠠᠲᠤᠨ ᠤ ︽ ᠬᠠᠮᠲᠤᠪᠠᠷ ᠬᠦᠴᠦᠯᠡᠬᠦ︾ | ᠶᠢ ᠠᠬᠢᠭᠤᠯᠤᠨ᠎ᠠ᠃ ᠨᠠᠮ ᠪᠠ ᠣᠯᠠᠨ ᠲᠦᠮᠡᠨ ᠤ ᠦᠢᠯᠡᠴᠢᠯᠡᠭᠡᠨ ᠤ ᠲᠥᠪ᠂ ᠰᠢᠨ᠎ᠡ ᠴᠠᠭ ᠦᠶ᠎ᠡ ᠶᠢᠨ | ᠪᠣᠯᠪᠠᠰᠤᠨ ᠤ ᠦᠢᠯᠡᠳᠦᠯᠭᠡ ᠶᠢᠨ ᠥᠷᠲᠡᠭᠡ ᠵᠡᠷᠭᠡ ︽ᠬᠡᠷ ᠤᠨ ᠡᠭᠦᠳᠡᠨ︾ ᠤ ᠵᠢᠭᠰᠠᠭᠠᠯ ᠤᠨ ᠭᠠᠵᠠᠷ ᠲᠤ | ᠲᠦᠰᠢᠭᠯᠡᠨ᠂ ᠠᠷᠠᠳ ᠣᠯᠠᠨ ᠳᠤ ᠲᠥᠷᠥ ᠶᠢᠨ ᠪᠣᠳᠣᠯᠭ᠎ᠠ ᠶᠢᠨ ᠯᠠᠪᠯᠠᠭ᠎ᠠ᠂ ᠰᠡᠯᠡᠭᠦᠴᠡᠯ ᠵᠤᠭ᠎ᠠ ᠴᠡᠩᠭᠡᠯ᠂ ᠣᠷᠣᠯᠠᠨ | ᠭᠦᠢᠴᠡᠳᠬᠡᠬᠦ ᠬᠠᠪᠰᠤᠷᠤᠨ ᠭᠦᠢᠴᠡᠳᠬᠡᠬᠦ ᠵᠡᠷᠭᠡ ᠦᠢᠯᠡᠴᠢᠯᠡᠭᠡ ᠬᠠᠩᠭᠠᠨ᠎ᠠ᠃ ᠡᠳᠦᠷ ᠲᠤᠲᠤᠮ ᠤᠨ ᠡᠯ᠎ᠡ | ᠲᠥᠷᠥᠯ ᠤᠨ ᠠᠵᠢᠯᠯᠠᠭ᠎ᠠ ᠶᠢᠨ ᠳᠤᠮᠳᠠ ᠰᠠᠭᠤᠭᠠᠯᠢ ᠠᠷᠠᠳ ᠤᠨ ᠠᠩᠬᠠᠷᠴᠤ ᠪᠠᠶᠢᠭ᠎ᠠ ᠬᠠᠯᠠᠮᠰᠢᠯ ᠠᠰᠠᠭᠤᠳᠠᠯ᠂ | ᠬᠦᠴᠢᠷ ᠠᠰᠠᠭᠤᠳᠠᠯ ᠢ ᠴᠠᠭ ᠲᠤᠬᠠᠶ ᠳᠤᠨᠢ ᠡᠵᠡᠮᠰᠢᠵᠦ᠂ ᠰᠠᠭᠤᠭᠠᠯᠢ ᠠᠷᠠᠳ ᠤᠨ ᠰᠠᠨᠠᠯ ᠢ ᠥᠷᠭᠡᠨ ᠢᠶᠠᠷ | ᠰᠣᠨᠣᠰᠴᠤ᠂ ᠰᠠᠭᠤᠭᠠᠯᠢ ᠠᠷᠠᠳ ᠤᠨ ᠪᠣᠳᠠᠲᠤ ᠬᠡᠷᠡᠭᠴᠡᠭᠡ ᠳᠤ ᠰᠠᠭᠤᠷᠢᠯᠠᠨ᠂ ᠰᠠᠶᠢᠨ ᠳᠤᠷ᠎ᠠ ᠶᠢᠨ ᠦᠢᠯᠡᠴᠢᠯᠡᠭᠡ ᠶᠢ | ᠢᠳᠡᠪᠬᠢᠲᠡᠶ ᠵᠣᠬᠢᠶᠠᠨ ᠪᠠᠶᠢᠭᠤᠯᠤᠨ ᠥᠷᠨᠢᠭᠦᠯᠵᠦ᠂ ᠦᠢᠯᠡᠴᠢᠯᠡᠭᠡᠨ ᠤ ᠳᠤᠮᠳᠠᠬᠢ ︽ᠠᠷᠠᠳ ᠤᠨ ᠲᠠᠭᠤᠨ ᠤ | ᠨᠢᠭᠤᠴᠠ ᠨᠣᠮᠧᠷ︾ ᠢ ᠡᠵᠡᠮᠰᠢᠨ᠎ᠡ᠃ |