| ᠨᠢᠭᠡ ᠳᠤ ᠨᠢᠭᠡ ᠲᠣᠣᠷ ᠢ ᠨᠢᠭᠲᠠ ᠪᠢᠲᠡᠭᠦᠮᠵᠢᠯᠡᠪᠡ᠃ ︽ᠪᠦᠬᠦᠨ ᠢ ᠰᠢᠭᠰᠢᠨ ᠪᠠᠶᠢᠴᠠᠭᠠᠬᠤ᠂ ᠡᠷᠲᠡ ᠠᠴᠠ | ᠭᠠᠷ ᠲᠦᠷᠦᠭᠦ᠂ ᠦᠢᠯᠡᠴᠢᠯᠡᠭᠡ ᠨᠢ ᠰᠢᠯᠢᠳᠡᠭ᠂ ᠬᠢᠨᠠᠨ ᠬᠠᠮᠢᠶᠠᠷᠤᠯᠲᠠ ᠨᠢ ᠴᠢᠩᠭ᠎ᠠ︾ ᠪᠠᠶᠢᠬᠤ ᠶᠡᠷᠦᠩᠬᠡᠶ ᠵᠠᠷᠴᠢᠮ | ᠶᠣᠰᠣᠭᠠᠷ᠂ 27 ᠦᠨᠳᠦᠰᠦᠨ ᠱᠠᠲᠤᠨ ᠤ ᠡᠷᠡᠭᠦᠯ ᠬᠠᠮᠠᠭᠠᠯᠠᠯ ᠤᠨ ᠬᠤᠷᠢᠶ᠎ᠠ ᠪᠠᠷ ᠰᠠᠭᠤᠷᠢ ᠪᠣᠯᠭᠠᠭᠰᠠᠨ᠂ 1 ᠡᠬᠡ | ᠨᠢᠯᠬᠠᠰ ᠤᠨ ᠡᠷᠡᠭᠦᠯᠵᠢᠯ ᠤᠨ ᠦᠢᠯᠡᠴᠢᠯᠡᠭᠡᠨ ᠤ ᠲᠥᠪ ᠢᠶᠠᠷ ᠭᠤᠤᠯᠯᠠᠭᠴᠢ ᠬᠦᠴᠦᠨ ᠪᠣᠯᠭᠠᠭᠰᠠᠨ᠂ 3 ︽ᠭᠤᠷᠪᠠᠨ | ᠬᠥᠬᠡ ᠲᠠᠰ ᠤᠨ︾ ᠡᠮᠨᠡᠯᠭᠡ ᠶᠢᠨ ᠬᠤᠷᠢᠶ᠎ᠠ ᠪᠠᠷ ᠮᠡᠷᠭᠡᠵᠢᠯ ᠤᠨ ᠲᠤᠯᠭᠠᠭᠤᠷᠢᠯᠠᠯ ᠪᠣᠯᠭᠠᠭᠰᠠᠨ ᠵᠡᠷᠡᠮᠳᠡᠭ ᠬᠡᠣᠭᠡᠳ | ᠲᠦᠷᠦᠭᠦ ᠶᠢ ᠶᠡᠷᠦᠩᠬᠡᠶᠢᠯᠡᠨ ᠰᠡᠷᠭᠡᠶᠢᠯᠡᠬᠦ ᠲᠣᠤᠷ ᠢ ᠪᠣᠶ ᠪᠣᠯᠭᠠᠪᠠ᠃ | ᠬᠤᠶᠠᠷ ᠲᠤ᠂ ᠰᠡᠷᠭᠡᠶᠢᠯᠡᠬᠦ ᠠᠵᠢᠯ ᠢ ᠰᠠᠶᠢᠲᠤᠷ ᠠᠳᠬᠤᠪᠠ᠃ ︽ᠤᠷᠢᠳᠴᠢᠯᠠᠨ ᠰᠡᠷᠭᠡᠶᠢᠯᠡᠬᠦ ᠪᠠᠷ ᠭᠤᠣᠯ | ᠪᠣᠯᠭᠠᠵᠤ᠂ ᠰᠡᠷᠭᠡᠶᠢᠯᠡᠨ ᠵᠠᠰᠠᠬᠤ ᠶᠢ ᠤᠶᠠᠯᠳᠤᠭᠤᠯᠵᠤ᠂ ᠪᠣᠭᠤᠮᠲᠠ ᠶᠢ ᠤᠷᠤᠭᠰᠢ ᠰᠢᠯᠵᠢᠭᠦᠯᠬᠦ︾ ᠶᠢ ᠪᠠᠷᠢᠮᠲᠠᠯᠠᠵᠤ᠂ | ᠤᠷᠤᠭᠯᠠᠬᠤ ᠠᠴᠠ ᠡᠮᠦᠨᠡᠬᠢ ᠠᠨᠠᠭᠠᠬᠤ ᠤᠬᠠᠭᠠᠨ ᠤ ᠪᠠᠶᠢᠴᠠᠭᠠᠯᠲᠠ᠂ ᠲᠥᠯᠥᠪᠯᠡᠭᠡᠲᠦ ᠦᠷᠡᠵᠢᠯ ᠤᠨ ᠵᠥᠪᠯᠡᠯᠭᠡ | ᠥᠭᠬᠦ ᠵᠢᠯᠣᠭᠤᠳᠣᠯᠭ᠎ᠠ᠂ ᠵᠢᠷᠮᠦᠰᠦᠨ ᠡᠮᠡᠭᠲᠡᠢ ᠶᠢᠨ ᠡᠷᠡᠭᠦᠯᠵᠢᠯ ᠪᠠ ᠨᠢᠷᠠᠢ ᠬᠡᠦᠬᠡᠳ ᠤᠨ ᠡᠪᠡᠳᠴᠢᠨ ᠡᠮᠭᠡᠭ ᠢ | ᠰᠢᠭᠰᠢᠨ ᠪᠠᠶᠢᠴᠠᠭᠠᠬᠤ᠂ ᠣᠨᠣᠰᠢᠯᠠᠬᠤ ᠪᠠ ᠡᠮᠨᠡᠨ ᠵᠠᠰᠠᠬᠤ ᠵᠡᠷᠭᠡ ᠠᠯᠢ ᠣᠯᠠᠨ ᠶᠡᠷᠦᠩᠬᠡᠶᠢᠯᠡᠨ ᠰᠡᠷᠭᠡᠶᠢᠯᠡᠨ ᠵᠠᠰᠠᠬᠤ | ᠦᠢᠯᠡᠴᠢᠯᠡᠭᠡ ᠶᠢ ᠥᠷᠭᠡᠨ ᠢᠶᠠᠷ ᠥᠷᠨᠢᠭᠦᠯᠪᠡ᠃ | ᠭᠤᠷᠪᠠ ᠳᠤ ᠪᠣᠯᠪᠠᠰᠤᠷᠠᠯ ᠬᠠᠮᠢᠶᠠᠷᠤᠯᠲᠠ ᠶᠢ ᠨᠢᠭᠡ ᠴᠣᠭᠴᠠᠵᠢᠭᠤᠯᠬᠤ ᠶᠢ ᠠᠬᠢᠭᠤᠯᠤᠨ᠎ᠠ᠃ | ᠳᠣᠲᠣᠭᠠᠳᠤ ᠳᠠᠭᠠᠨ ᠣᠷᠣᠭᠤᠯᠤᠨ ᠠᠪᠴᠢᠷᠠᠵᠤ ᠭᠠᠳᠠᠭᠰᠢ ᠬᠤᠯᠪᠣᠭᠠᠯᠠᠭᠤᠯᠬᠤ ᠶᠢ ᠪᠠᠷᠢᠮᠲᠠᠯᠠᠵᠤ᠂ ᠵᠡᠷᠡᠮᠳᠡᠭ | ᠬᠡᠣᠭᠡᠳ ᠲᠦᠷᠦᠭᠦ ᠶᠢ ᠤᠷᠢᠳᠴᠢᠯᠠᠨ ᠰᠡᠷᠭᠡᠶᠢᠯᠡᠬᠦ᠂ ᠰᠢᠭᠰᠢᠨ ᠪᠠᠶᠢᠴᠠᠭᠠᠬᠤ᠂ ᠣᠨᠣᠰᠢᠯᠠᠬᠤ᠂ ᠡᠮᠨᠡᠨ ᠵᠠᠰᠠᠬᠤ᠂ | ᠡᠷᠡᠭᠦᠯᠵᠢᠬᠦ ᠶᠢ ᠨᠢᠭᠡ ᠴᠣᠭᠴᠠᠵᠢᠭᠤᠯᠤᠨ ᠰᠡᠷᠭᠡᠶᠢᠯᠡᠨ ᠵᠠᠰᠠᠬᠤ ᠲᠣᠭᠤᠷᠢᠨ ᠳᠤ᠂ ᠪᠡᠭᠡᠵᠢᠩ ᠥᠪᠥᠷ ᠮᠣᠩᠭᠤᠯ ᠤᠨ | ᠬᠠᠮᠵᠢᠯᠴᠠᠬᠤ ᠴᠢᠳᠠᠪᠤᠷᠢᠲᠠᠨ ᠤ ᠰᠣᠯᠢᠯᠴᠠᠭ᠎ᠠ ᠶᠢ ᠠᠰᠢᠭᠯᠠᠨ᠂ ᠰᠤᠷᠤᠭᠴᠢᠳ ᠢ ᠰᠣᠩᠭᠤᠨ ᠲᠣᠮᠢᠯᠠᠵᠤ ᠪᠡᠭᠡᠵᠢᠩ ᠤᠨ | ᠱᠸᠦ ᠭᠠᠩ ᠡᠮᠨᠡᠯᠭᠡ ᠶᠢᠨ ᠬᠤᠷᠢᠶ᠎ᠠ᠂ ᠬᠠᠶ ᠳ᠋ᠢᠶᠠᠨ ᠡᠬᠡ ᠨᠢᠯᠬᠠᠰ ᠤᠨ ᠡᠷᠡᠭᠦᠯᠵᠢᠯ ᠤᠨ ᠬᠤᠷᠢᠶ᠎ᠠ ᠵᠡᠷᠭᠡ ᠲᠡᠷᠢᠭᠦᠨ ᠤ | ᠨᠢᠭᠡᠴᠡ ᠳᠤ ᠣᠴᠢᠭᠤᠯᠤᠨ ᠠᠵᠢᠯ ᠤᠨ ᠪᠠᠶᠢᠷᠢ ᠳᠠᠭᠠᠵᠤ ᠪᠣᠯᠪᠠᠰᠤᠷᠠᠭᠤᠯᠬᠤ᠂ 44 ᠬᠥᠮᠦᠨ ᠢ ᠳᠠᠪᠲᠠᠨ | ᠪᠣᠯᠪᠠᠰᠤᠷᠠᠭᠤᠯᠵᠤ᠂ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ᠂ ᠮᠡᠷᠭᠡᠵᠢᠯ ᠤᠨ ᠠᠵᠢᠯᠯᠠᠭ᠎ᠠ ᠬᠢᠬᠦ᠂ | ᠮᠥᠷᠳᠡᠵᠦ ᠳᠠᠭᠠᠵᠤ ᠰᠤᠷᠪᠤᠯᠵᠢᠯᠠᠬᠤ᠂ ᠮᠡᠳᠡᠭᠡ ᠵᠠᠩᠭᠢ ᠶᠢᠨ ᠠᠮᠤᠷ ᠲᠦᠪᠰᠢᠨ ᠤ ᠬᠠᠮᠢᠶᠠᠷᠤᠯᠲᠠ ᠵᠡᠷᠭᠡ ᠲᠠᠯ᠎ᠠ ᠶᠢᠨ | ᠨᠠᠶᠢᠳᠠᠪᠤᠷᠢᠵᠢᠭᠤᠯᠬᠤ ᠴᠢᠳᠠᠪᠤᠷᠢ ᠪᠠ ᠰᠢᠮᠳᠠᠭᠤᠯᠤᠨ ᠵᠢᠯᠣᠭᠤᠳᠬᠤ ᠴᠢᠨᠠᠷ ᠴᠢᠨᠰᠠᠭ᠎ᠠ ᠦᠷ᠎ᠡ ᠪᠦᠲᠦᠮᠵᠢ ᠶᠢ ᠪᠥᠬᠦ | ᠲᠠᠯ᠎ᠠ ᠪᠠᠷ ᠳᠡᠭᠡᠭᠰᠢᠯᠡᠭᠦᠯᠵᠦ᠂ ᠵᠡᠷᠡᠮᠳᠡᠭ ᠬᠡᠣᠭᠡᠳ ᠲᠦᠷᠦᠭᠦ ᠶᠢ ᠶᠡᠷᠦᠩᠬᠡᠶᠢᠯᠡᠨ ᠰᠡᠷᠭᠡᠶᠢᠯᠡᠨ ᠵᠠᠰᠠᠬᠤ ᠴᠢᠳᠠᠪᠤᠷᠢ ᠶᠢ | ᠲᠠᠰᠤᠷᠠᠯᠲᠠ ᠥᠬᠡᠶ ᠳᠡᠭᠡᠭᠰᠢᠯᠡᠭᠦᠯᠪᠡ᠃ |