| ᠨᠢᠭᠡ ᠳᠤ᠂ ︽ᠦᠨᠳᠦᠰᠦᠲᠡᠨ ᠤ ᠪᠦᠯᠬᠦᠮᠳᠡᠯ + ᠠᠵᠤ ᠦᠢᠯᠡᠰ ᠢ ᠬᠥᠭᠵᠢᠭᠦᠯᠦᠨ ᠮᠠᠨᠳᠤᠭᠤᠯᠬᠤ︾ | ᠠᠭᠤᠰᠤᠯᠴᠠᠯ ᠢ ᠳᠤᠪᠤᠶᠢᠯᠭᠠᠵᠤ᠂ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠤᠨ᠎ᠠ᠃ ︽ | ᠦᠨᠳᠦᠰᠦᠲᠡᠨ ᠤ ᠪᠦᠯᠬᠦᠮᠳᠡᠯ + ᠠᠵᠤ ᠦᠢᠯᠡᠰ ᠢ ᠬᠥᠭᠵᠢᠭᠦᠯᠦᠨ ᠮᠠᠨᠳᠤᠭᠤᠯᠬᠤ︾ ᠬᠥᠭᠵᠢᠯᠲᠡ ᠶᠢᠨ | ᠲᠥᠯᠥᠪᠯᠡᠭᠡ ᠶᠢ ᠬᠡᠷᠡᠭᠵᠢᠭᠦᠯᠵᠦ᠂ ᠦᠨᠳᠦᠰᠦᠲᠡᠨ ᠨᠦᠭᠦᠳ ᠤᠨ ᠣᠯᠠᠨ ᠲᠦᠮᠡᠨ ᠢ ᠠᠵᠤ ᠦᠢᠯᠡᠰ ᠤᠨ ᠬᠡᠯᠬᠢᠶ᠎ᠡ | ᠳᠡᠭᠡᠷ᠎ᠡ ᠲᠥᠪᠯᠡᠷᠡᠭᠦᠯᠦᠨ᠎ᠡ᠃ 1600 ᠲᠦᠮᠡᠨ ᠲᠥᠭᠦᠷᠢᠭ ᠤᠨ ᠪᠡᠯᠡ ᠣᠷᠣᠭᠤᠯᠵᠤ ᠭᠡᠷᠡᠯᠲᠤ ᠲᠣᠰᠬᠤᠨ ᠤ | ᠲᠦᠬᠦᠭᠡᠷᠦᠮᠵᠢᠲᠦ ᠲᠠᠷᠢᠶᠠᠯᠠᠩ ᠤᠨ ᠬᠦᠷᠢᠶᠡᠯᠡᠩ ᠲᠣᠭᠤᠷᠢᠭ ᠢ ᠥᠭᠡᠷᠡᠴᠢᠯᠡᠨ ᠳᠡᠭᠡᠭᠰᠢᠯᠡᠭᠦᠯᠵᠦ᠂ 300 ᠭᠠᠷᠤᠶ | ᠲᠦᠮᠡᠨ ᠲᠥᠭᠦᠷᠢᠭ ᠤᠨ ᠪᠡᠯᠡ ᠣᠷᠣᠭᠤᠯᠵᠤ ᠣᠶ ᠶᠢᠨ ᠬᠤᠷᠮᠣᠶ ᠶᠢᠨ ᠠᠵᠤ ᠠᠬᠤᠶ ᠶᠢ 400 ᠮᠦ ᠬᠥᠭᠵᠢᠭᠦᠯᠵᠦ᠂ | ᠬᠥᠮᠦᠨ ᠳᠤᠮᠳᠠᠴᠢ ᠶᠢᠨ ᠴᠡᠪᠡᠷ ᠣᠷᠣᠯᠭ᠎ᠠ ᠶᠢ 1000 ᠲᠥᠭᠦᠷᠢᠭ ᠨᠡᠮᠡᠭᠳᠡᠭᠦᠯᠵᠦ᠂ ᠦᠨᠳᠦᠰᠦᠲᠡᠨ ᠨᠦᠭᠦᠳ ᠤᠨ | ᠤᠯᠠᠨ ᠲᠦᠮᠡᠨ ᠤ ᠣᠷᠣᠯᠭ᠎ᠠ ᠶᠢ ᠨᠡᠮᠡᠭᠳᠡᠭᠦᠯᠦᠨ ᠪᠠᠶᠠᠵᠢᠭᠤᠯᠬᠤ ᠬᠠᠷᠠᠯᠲᠠ ᠶᠢ ᠪᠡᠶᠡᠯᠡᠭᠦᠯᠪᠡ᠃ | ᠬᠤᠶᠠᠷ ᠲᠤ᠂ ︽ᠦᠨᠳᠦᠰᠦᠲᠡᠨ ᠤ ᠪᠦᠯᠬᠦᠮᠳᠡᠯ + ᠴᠢᠳᠠᠪᠤᠷᠢᠲᠠᠨ ᠢ ᠬᠥᠭᠵᠢᠭᠦᠯᠦᠨ ᠮᠠᠨᠳᠤᠭᠤᠯᠬᠤ︾ | ᠠᠭᠤᠰᠤᠯᠴᠠᠯ ᠢ ᠲᠤᠪᠤᠶᠢᠯᠭᠠᠵᠦ᠂ ᠴᠢᠳᠠᠪᠤᠷᠢᠲᠠᠨ ᠤ ᠳᠣᠲᠣᠭᠠᠳᠤ ᠬᠥᠳᠡᠯᠭᠡᠬᠦ ᠬᠦᠴᠦᠨ ᠢ ᠬᠥᠭᠵᠢᠭᠡᠨ᠎ᠡ᠃ 2024 | ᠣᠨ ᠳᠤ ᠲᠣᠰᠬᠤᠨ ᠤ ᠱᠠᠲᠤᠨ ᠤ 53 ᠪᠡᠯᠡᠳᠬᠡᠯ ᠬᠦᠴᠦᠨ ᠢ ᠬᠥᠳᠡᠯᠦᠩᠭᠦᠢ ᠪᠠᠷ ᠨᠥᠭᠡᠴᠡᠯᠡᠵᠦ᠂ ᠡᠭᠦᠨ ᠳᠤ | ᠴᠥᠭᠡᠨ ᠲᠣᠭᠠᠲᠤ ᠦᠨᠳᠦᠰᠦᠲᠡᠨ ᠤ 44 ᠪᠤᠢ᠃ ᠨᠢᠭᠡ ᠪᠦᠯᠦᠭ ︽ᠮᠠᠷᠭᠡᠵᠢᠯ ᠲᠠᠢ᠂ ᠴᠢᠳᠠᠪᠤᠷᠢᠲᠠᠢ᠂ | ᠡᠵᠡᠩᠨᠡᠬᠦ ᠶᠢ ᠣᠶᠢᠯᠠᠭᠠᠬᠤ︾ ︽ᠨᠤᠲᠤᠭ ᠤᠨ ᠲᠤᠰᠬᠠᠢ ᠮᠡᠷᠭᠡᠵᠢᠯᠲᠡᠨ︾ ᠢ ᠶᠡᠬᠡᠪᠡᠷ ᠬᠥᠮᠥᠵᠢᠭᠦᠯᠵᠦ᠂ ᠣᠳᠣ | ᠳᠠᠩᠰᠠᠨ ᠳᠤ ᠪᠠᠶᠢᠭ᠎ᠠ ᠨᠤᠲᠤᠭ ᠤᠨ ᠴᠢᠳᠠᠪᠤᠷᠢᠲᠠᠨ 120 ᠬᠥᠮᠥᠨ ᠪᠤᠢ᠃ | ᠭᠤᠷᠪᠠ ᠳᠤ᠂ ︽ᠦᠨᠳᠦᠰᠦᠲᠡᠨ ᠤ ᠪᠦᠯᠬᠦᠮᠳᠡᠯ + ᠰᠣᠶᠣᠯ ᠢ ᠬᠥᠭᠵᠢᠭᠦᠯᠦᠨ ᠮᠠᠨᠳᠤᠭᠤᠯᠬᠤ︾ ᠠᠭᠤᠰᠤᠯᠴᠠᠯ ᠢ | ᠲᠤᠪᠤᠶᠢᠯᠭᠠᠵᠦ᠂ ᠬᠥᠳᠡᠭᠡ ᠲᠣᠰᠬᠤᠨ ᠤ ᠵᠠᠩ ᠰᠤᠷᠲᠠᠯ ᠤᠨ ᠪᠣᠯᠪᠠᠰᠤᠨ ᠤ ᠪᠠᠶᠢᠭᠤᠯᠤᠯᠲᠠ ᠶᠢ ᠠᠬᠢᠭᠤᠯᠪᠠ᠃ ᠡᠯ᠎ᠡ | ᠲᠣᠰᠬᠤᠨ ᠤ ᠴᠥᠭᠡᠨ ᠲᠣᠭᠠᠲᠤ ᠦᠨᠳᠦᠰᠦᠲᠡᠨ ᠢ ᠦᠨᠳᠦᠰᠦᠲᠡᠨ ᠤ ᠠᠵᠢᠯ ᠤᠨ ᠤᠬᠠᠭᠤᠯᠤᠨ ᠲᠠᠶᠢᠯᠪᠤᠷᠢᠯᠠᠬᠤ | ᠡᠩᠨᠡᠭᠡ ᠳᠤ ᠣᠷᠣᠭᠤᠯᠵᠤ᠂ ᠦᠨᠳᠦᠰᠦᠲᠡᠨ ᠤ ᠲᠥᠷᠥ ᠶᠢᠨ ᠪᠣᠳᠣᠯᠭ᠎ᠠ ᠶᠢᠨ ᠣᠨᠣᠯ ᠤᠨ ᠮᠡᠳᠡᠯᠭᠡ ᠶᠢ ᠤᠬᠠᠭᠤᠯᠤᠨ | ᠲᠠᠶᠢᠯᠪᠤᠷᠢᠯᠠᠬᠤ ᠠᠵᠢᠯᠯᠠᠭ᠎ᠠ ᠶᠢ 16 ᠤᠳᠠᠭ᠎ᠠ ᠢᠳᠡᠪᠬᠢᠲᠡᠶ ᠥᠷᠨᠢᠭᠦᠯᠪᠡ᠃ ᠦᠨᠳᠦᠰᠦᠲᠡᠨ ᠤ ᠪᠦᠯᠬᠦᠮᠳᠡᠯ | ᠳᠠᠪᠰᠢᠯᠲᠠ ᠶᠢᠨ ᠨᠡᠶᠢᠲᠡᠯᠢᠭ ᠵᠢᠱᠢᠶ᠎ᠡ ᠪᠠ ᠦᠨᠳᠦᠰᠦᠲᠡᠨ ᠤ ᠲᠥᠷᠥ ᠶᠢᠨ ᠪᠣᠳᠣᠯᠭ᠎ᠠ ᠶᠢᠨ ᠣᠨᠣᠯ ᠤᠨ ᠮᠡᠳᠡᠯᠭᠡ ᠶᠢ | 50 ᠵᠤᠷᠪᠤᠰ ᠨᠡᠶᠢᠲᠡᠯᠡᠵᠦ᠂ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠶᠢ 40 ᠭᠠᠷᠤᠶ ᠤᠳᠠᠭ᠎ᠠ | ᠥᠷᠨᠢᠭᠦᠯᠪᠡ᠃ | ᠲᠦᠷᠪᠡ ᠳᠤ᠂ ︽ᠦᠨᠳᠦᠰᠦᠲᠡᠨ ᠤ ᠪᠦᠯᠬᠦᠮᠳᠡᠯ + ᠠᠮᠢ ᠠᠬᠤᠢ ᠶᠢ ᠬᠥᠭᠵᠢᠭᠦᠯᠦᠨ ᠮᠠᠨᠳᠤᠭᠤᠯᠬᠤ︾ | ᠠᠭᠤᠰᠤᠯᠴᠠᠯ ᠢ ᠲᠤᠪᠤᠶᠢᠯᠭᠠᠵᠦ᠂ ᠦᠵᠡᠰᠬᠦᠯᠡᠩᠲᠦ ᠰᠠᠶᠢᠬᠠᠨ ᠣᠷᠣᠰᠢᠨ ᠰᠠᠭᠤᠬᠤ ᠳᠤ ᠲᠣᠬᠢᠷᠠᠮᠵᠢᠲᠠᠢ ᠬᠥᠳᠡᠭᠡ | ᠲᠣᠰᠬᠤᠨ ᠢ ᠴᠣᠭᠴᠠᠯᠠᠨ᠎ᠠ᠃ 15 ᠲᠦᠮᠡᠨ ᠲᠥᠭᠦᠷᠢᠭ ᠤᠨ ᠪᠡᠯᠡ ᠣᠷᠣᠭᠤᠯᠵᠤ᠂ ᠯᠦᠩ ᠲᠠᠨ ᠨᠤᠭᠤ ᠭᠠᠵᠠᠷ ᠢ | ᠬᠠᠮᠠᠭᠠᠯᠠᠬᠤ ᠴᠢᠨᠠᠷᠲᠠᠢ ᠬᠦᠷᠢᠶᠡᠯᠡᠨ ᠬᠠᠰᠢᠬᠤ ᠲᠦᠷᠦᠯ ᠵᠦᠢᠯ ᠢ ᠬᠡᠷᠡᠭᠵᠢᠭᠦᠯᠵᠦ᠂ 150 ᠮᠦ ᠥᠨᠳᠥᠷ | ᠠᠭᠤᠯᠠ ᠶᠢᠨ ᠨᠤᠭᠤ ᠭᠠᠵᠠᠷ ᠢ ᠬᠠᠮᠠᠭᠠᠯᠠᠪᠠ᠃ 12 ᠲᠦᠮᠡᠨ ᠲᠥᠭᠦᠷᠢᠭ ᠤᠨ ᠪᠡᠯᠡ ᠣᠷᠣᠭᠤᠯᠵᠤ᠂ ᠯᠦ ᠵᠢᠶᠠ | ᠳ᠋ᠢᠶᠠᠨ ᠲᠣᠰᠬᠤᠨ ᠳᠤ ᠣᠷᠣᠰᠢᠨ ᠰᠠᠭᠤᠬᠤ ᠣᠷᠴᠢᠨ ᠲᠣᠭᠤᠷᠢᠨ ᠢ ᠵᠠᠰᠠᠬᠤ ᠵᠠᠭᠪᠤᠷ ᠢ ᠲᠤᠷᠰᠢᠨ ᠬᠡᠷᠡᠭᠵᠢᠭᠦᠯᠵᠦ᠂ | ︽ᠨᠢᠭᠡ ᠡᠷᠦᠬᠡ ᠳᠤ ᠨᠢᠭᠡ ᠰᠠᠭᠤᠯᠠᠭ᠎ᠠ ᠨᠢᠭᠡ ᠡᠳᠦᠷ ᠲᠤ ᠨᠢᠭᠡ ᠤᠳᠠᠭ᠎ᠠ ᠴᠡᠪᠡᠷᠯᠡᠵᠦ᠂ ᠨᠢᠭᠡ ᠭᠠᠷᠠᠭ ᠲᠤ ᠨᠢᠭᠡ | ᠤᠳᠠᠭ᠎ᠠ ᠲᠡᠭᠡᠭᠡᠪᠦᠷᠢᠯᠡᠬᠦ︾ ᠵᠠᠭᠪᠤᠷ ᠢ ᠲᠤᠷᠰᠢᠨ ᠬᠡᠷᠡᠭᠵᠢᠭᠦᠯᠵᠦ᠂ ᠬᠤᠭ ᠨᠣᠪᠰᠢ ᠶᠢᠨ ᠰᠠᠪᠠ 237᠂ ᠬᠤᠭ | ᠨᠣᠪᠰᠢ ᠵᠥᠭᠡᠭᠡᠪᠦᠷᠢᠯᠡᠬᠦ ᠥᠷᠲᠡᠭᠡ 2 ᠲᠠᠯᠪᠢᠪᠠ᠃ | ᠲᠠᠪᠤ ᠳᠤ᠂ ︽ᠦᠨᠳᠦᠰᠦᠲᠡᠨ ᠤ ᠪᠦᠯᠬᠦᠮᠳᠡᠯ + ᠵᠣᠬᠢᠶᠠᠨ ᠪᠠᠶᠢᠭᠤᠯᠤᠯᠲᠠ ᠶᠢ ᠬᠥᠭᠵᠢᠭᠦᠯᠦᠨ ᠮᠠᠨᠳᠤᠭᠤᠯᠬᠤ︾ | ᠠᠭᠤᠰᠤᠯᠴᠠᠯ ᠢ ᠲᠤᠪᠤᠶᠢᠯᠭᠠᠵᠦ᠂ ᠬᠥᠳᠡᠭᠡ ᠲᠣᠰᠬᠤᠨ ᠢ ᠪᠦᠲᠦᠮᠵᠢᠲᠡᠢ ᠵᠠᠰᠠᠬᠤ ᠶᠢ ᠠᠬᠢᠭᠤᠯᠤᠨ᠎ᠠ᠃ ᠰᠢᠷᠢᠰ | ᠭᠤᠤᠯ ᠰᠡᠳᠦᠪᠲᠦ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ᠂ ᠦᠨᠳᠦᠰᠦᠲᠡᠨ ᠨᠦᠭᠦᠳ ᠤᠨ ᠣᠯᠠᠨ ᠲᠦᠮᠡᠨ ᠤ | ᠲᠤᠰᠬᠠᠯ ᠴᠢᠩᠭ᠎ᠠ ᠪᠠᠶᠢᠭ᠎ᠠ ᠠᠰᠠᠭᠤᠳᠠᠯ ᠢ 70 ᠭᠠᠷᠤᠶ ᠰᠢᠢᠳᠪᠦᠷᠢᠯᠡᠪᠡ᠃ ᠨᠠᠮ ᠤᠨ ᠡᠭᠦᠷ ᠤᠨ ᠦᠨᠳᠦᠰᠦᠲᠡᠨ ᠤ | ᠪᠦᠯᠬᠦᠮᠳᠡᠯ ᠢ ᠠᠬᠢᠭᠤᠯᠬᠤ ᠦᠢᠯᠡᠳᠦᠯ ᠢ ᠪᠠᠳᠠᠷᠠᠭᠤᠯᠵᠤ᠂ ᠬᠤᠲᠠ ᠶᠢᠨ ᠱᠠᠲᠤᠨ ᠤ ᠪᠠᠲᠤ ᠴᠢᠩᠭ᠎ᠠ ᠪᠠᠬᠢᠯᠡᠯᠲᠡ | ᠨᠠᠮ ᠤᠨ ᠡᠭᠦᠷ ᠢ 7 ᠡᠭᠦᠳᠦᠨ ᠪᠠᠶᠢᠭᠤᠯᠵᠤ᠂ ᠨᠢᠭᠡᠨ ᠬᠤᠴᠣᠷᠤᠩᠭᠤᠶ ᠨᠠᠮ ᠤᠨ ᠡᠭᠦᠷ ᠢ ᠴᠡᠭᠴᠡᠯᠡᠪᠡ᠃ | |