ᠮᠠᠩᠨᠤᠳ ᠪᠠᠯᠭᠠᠰᠦ ᠬᠤᠳᠠᠯᠳᠤᠭᠠᠴᠢᠨ ᠤᠷᠢᠵᠤ ᠪᠡᠯᠡ ᠣᠷᠣᠭᠤᠯᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠵᠦ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠬᠥᠭᠵᠢᠬᠦ ᠶᠢ ᠠᠬᠢᠭᠤᠯᠤᠨ᠎ᠠ
ᠨᠡᠶᠢᠲᠡᠯᠡᠭᠰᠡᠨ ᠴᠠᠭ᠄
2024/9/24
    ᠤᠢᠢᠷ᠎ᠠ ᠶᠢᠨ ᠵᠢᠯ ᠠᠴᠠ᠂ ᠮᠠᠩᠨᠤᠳ ᠪᠠᠯᠭᠠᠰᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢ ᠶᠡᠬᠡᠪᠡᠷ ᠬᠡᠷᠡᠭᠵᠢᠭᠦᠯᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠠᠵᠤ ᠦᠢᠯᠡᠰ ᠤᠨ ᠬᠡᠯᠪᠡᠷᠢ ᠶᠢ ᠬᠤᠪᠢᠷᠠᠭᠤᠯᠬᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠬᠦ ᠭᠤᠷᠪᠠᠨ ᠠᠵᠢᠯ ᠢ ᠬᠠᠮᠲᠤ ᠳᠤᠨᠢ ᠬᠢᠬᠦ ᠶᠢ ᠪᠠᠷᠢᠮᠲᠠᠯᠠᠵᠤ᠂ ᠵᠡᠷᠭᠡᠪᠡᠷ ᠪᠠᠶᠢᠷᠢᠯᠠᠭᠤᠯᠵᠤ᠂ ᠵᠡᠷᠭᠡᠪᠡᠷ ᠬᠡᠷᠡᠭᠵᠢᠭᠦᠯᠵᠦ᠂ ᠵᠡᠷᠭᠡᠪᠡᠷ ᠠᠬᠢᠭᠤᠯᠵᠤ᠂ ᠣᠨᠴᠠᠭᠠᠶᠢᠯᠠᠨ ᠠᠯᠠᠰᠢᠨ ᠦᠬᠡᠷ ᠤᠨ ᠠᠵᠤ ᠦᠢᠯᠡᠰ ᠤᠨ ᠬᠡᠯᠪᠡᠷᠢ ᠶᠢ ᠬᠤᠪᠢᠷᠠᠭᠤᠯᠬᠤ ᠪᠠᠷ ᠠᠵᠠ ᠲᠣᠬᠢᠶᠠᠯ ᠪᠣᠯᠭᠠᠵᠤ᠂ ᠣᠷᠣᠨ ᠤ ᠭᠠᠳᠠᠨᠠᠬᠢ ᠠᠵᠤ ᠠᠬᠤᠶᠢᠯᠠᠯ ᠢ ᠢᠳᠡᠪᠬᠢᠲᠡᠢ ᠪᠠᠷ ᠣᠷᠣᠭᠤᠯᠤᠨ ᠠᠪᠴᠢᠷᠠᠵᠤ ᠪᠡᠯᠡ ᠣᠷᠣᠭᠤᠯᠤᠭᠰᠠᠨ ᠤ ᠬᠠᠮᠲᠤ ᠰᠤᠯᠠ ᠪᠠᠶᠢᠭ᠎ᠠ ᠦᠢᠯᠡᠳᠪᠦᠷᠢ ᠶᠢᠨ ᠲᠣᠭᠤᠷᠢᠭ ᠢ ᠠᠮᠢᠯᠠᠭᠤᠯᠵᠤ᠂ ᠠᠯᠠᠰᠢᠨ ᠦᠬᠡᠷ ᠤᠨ ᠤᠨᠴᠠᠯᠢᠬᠳᠤ ᠠᠵᠤ ᠦᠢᠯᠡᠰ ᠤᠨ ᠬᠥᠭᠵᠢᠯᠲᠡ ᠶᠢ ᠬᠦᠴᠦᠲᠡᠢ ᠠᠬᠢᠭᠤᠯᠵᠤ᠂ ᠨᠢᠭᠡ ᠪᠦᠯᠦᠭ ᠵᠢᠱᠢᠶ᠎ᠡ ᠦᠵᠡᠭᠦᠯᠬᠦ ᠬᠢᠯᠠᠰ ᠴᠡᠭ ᠢ ᠡᠭᠦᠳᠴᠦ᠂  ᠬᠥᠳᠡᠭᠡ ᠠᠵᠤ ᠠᠬᠤᠢ ᠶᠢ ᠬᠥᠭᠵᠢᠭᠦᠯᠬᠦ᠂ ᠲᠠᠷᠢᠶᠠᠴᠢᠳ ᠢ ᠪᠠᠶᠠᠵᠢᠭᠤᠯᠬᠤ ᠠᠮᠢᠳᠤᠯᠢᠭ ᠪᠠᠶᠢᠳᠠᠯ ᠢ ᠢᠯᠡᠷᠡᠭᠦᠯᠪᠡ᠃ ᠥᠪᠥᠷ ᠮᠣᠩᠭᠤᠯ ᠤᠨ ᡂᠢ ᠮᠦ ᠦᠬᠡᠷ ᠬᠤᠨᠢᠨ ᠮᠢᠬ᠎ᠠ ᠡᠳ᠋ᠰᠢᠭᠦᠯᠬᠦ ᠲᠥᠷᠥᠯ ᠵᠦᠢᠯ ᠢ ᠣᠷᠣᠭᠤᠯᠤᠨ ᠠᠪᠴᠢᠷᠠᠬᠤ ᠪᠠᠷ ᠳᠡᠮᠵᠢᠨ᠂ ᠲᠥᠷᠥᠯ ᠵᠦᠢᠯ ᠤᠨ ᠶᠡᠷᠦᠩᠬᠡᠶ ᠪᠠᠯᠠ ᠣᠷᠣᠭᠤᠯᠤᠯᠲᠠ ᠨᠢ 500 ᠲᠦᠮᠡᠨ ᠲᠥᠭᠦᠷᠢᠭ ᠪᠠᠶᠢᠵᠤ᠂ 6000 ᠭᠠᠷᠤᠶ ᠲᠡᠭᠰᠢ ᠭᠠᠵᠠᠷ ᠢ ᠡᠵᠡᠯᠡᠨ᠂ ᠢᠳᠡᠭᠡᠨ ᠪᠣᠯᠪᠠᠰᠤᠷᠠᠭᠤᠯᠬᠤ ᠦᠢᠯᠡᠳᠪᠦᠷᠢ ᠶᠢ ᠡᠬᠢᠯᠡᠨ ᠪᠠᠶᠢᠭᠤᠯᠵᠤ᠂ ᠠᠯᠠᠰᠢᠨ ᠦᠬᠡᠷ ᠤᠨ ᠠᠵᠤ ᠦᠢᠯᠡᠰ ᠤᠨ ᠬᠡᠯᠬᠢᠶ᠎ᠡ ᠶᠢᠨ ᠲᠥᠷᠥᠯ ᠵᠦᠢᠯ ᠤᠨ ᠴᠢᠬᠤᠯᠠ ᠢᠵᠢ ᠪᠥᠷᠢᠳᠦᠭᠦᠯᠬᠦ ᠦᠢᠯᠡᠳᠪᠦᠷᠢ ᠪᠣᠯᠭᠠᠨ᠂ ᠬᠠᠮᠤᠭ ᠤᠨ ᠲᠡᠷᠢᠭᠦᠨ ᠤ ᠦᠢᠯᠡᠳᠪᠦᠷᠢᠯᠡᠯ ᠤᠨ ᠮᠡᠷᠭᠡᠵᠢᠯ ᠢ ᠬᠡᠷᠡᠭᠯᠡᠵᠦ᠂ ᠬᠠᠮᠤᠭ ᠤᠨ ᠲᠡᠷᠢᠭᠦᠨ ᠤ ᠤᠶᠤᠨᠴᠢᠯᠠᠭᠰᠠᠨ ᠲᠥᠬᠦᠭᠡᠷᠦᠮᠵᠢ ᠶᠢ ᠣᠷᠣᠭᠤᠯᠤᠨ ᠠᠪᠴᠢᠷᠠᠵᠤ᠂ ᠪᠦᠬᠦᠨ ᠢ ᠪᠢᠲᠡᠭᠦᠮᠵᠢᠯᠡᠵᠦ ᠪᠣᠯᠬᠤ ᠬᠢᠨᠠᠨ ᠡᠵᠡᠮᠳᠡᠬᠦ ᠰᠢᠰᠲ᠋ᠧᠮ ᠢᠶᠠᠷ ᠳᠠᠮᠵᠢᠭᠤᠯᠤᠨ᠂ ᠦᠢᠯᠡᠳᠪᠦᠷᠢᠯᠡᠯ ᠤᠨ ᠶᠠᠪᠤᠴᠠ ᠪᠠ ᠦᠵᠦᠭᠦᠷᠯᠢᠭ ᠪᠦᠲᠦᠭᠡᠭᠳᠡᠬᠦᠨ ᠳᠤ ᠴᠢᠩᠭ᠎ᠠ ᠬᠢᠨᠠᠨ ᠡᠵᠡᠮᠳᠡᠬᠦ ᠪᠠ ᠰᠢᠯᠭᠠᠨ ᠪᠠᠶᠢᠴᠠᠭᠠᠬᠤ ᠶᠢ ᠬᠡᠷᠡᠭᠵᠢᠭᠦᠯᠦᠨ᠎ᠡ᠃ ᠡᠭᠦᠨ ᠤ ᠬᠠᠮᠲᠤ᠂ ᠪᠣᠬᠢᠷ ᠤᠰᠤ ᠰᠢᠢᠳᠪᠦᠷᠢᠯᠡᠬᠦ ᠰᠢᠰᠲ᠋ᠧᠮ᠂ ᠬᠡᠷᠡᠭᠯᠡᠭᠡᠨ ᠤ ᠡᠨᠧᠷᠭᠢ ᠠᠷᠪᠢᠯᠠᠬᠤ ᠮᠠᠲ᠋ᠧᠷᠢᠶᠠᠯ ᠵᠡᠷᠭᠡ ᠪᠠᠷ ᠳᠠᠮᠵᠢᠭᠤᠯᠤᠨ ᠪᠣᠬᠢᠷᠲᠤᠯ ᠦᠭᠡᠢ ᠦᠢᠯᠡᠳᠪᠦᠷᠢᠯᠡᠯ᠂ ᠪᠣᠬᠢᠷᠲᠤᠯ ᠦᠭᠡᠢ ᠬᠥᠭᠵᠢᠯᠲᠡ ᠶᠢ ᠪᠡᠶᠡᠯᠡᠭᠦᠯᠪᠡ᠃ ᠣᠳᠣᠬᠠᠨ ᠳᠤ ᠲᠥᠷᠥᠯ ᠵᠦᠢᠯ ᠢ ᠨᠢᠭᠡᠨᠲᠡ ᠪᠦᠬᠦᠨ ᠢ ᠳᠠᠭᠤᠰᠬᠠᠵᠤ᠂ ᠲᠥᠷᠥᠯ ᠵᠦᠢᠯ ᠢ ᠠᠰᠢᠭᠯᠠᠯᠲᠠ ᠳᠤ ᠣᠷᠣᠭᠤᠯᠤᠭᠰᠠᠨ ᠤ ᠳᠠᠷᠠᠭ᠎ᠠ᠂ ᠵᠢᠱᠢᠯᠲᠡ ᠪᠠᠷ ᠵᠢᠯ ᠤᠨ ᠦᠢᠯᠡᠳᠬᠦᠨ ᠤ ᠥᠷᠲᠡᠭ ᠨᠢ 4000 ᠲᠦᠮᠡᠨ ᠲᠥᠭᠦᠷᠢᠭ ᠲᠤ ᠬᠦᠷᠴᠦ᠂ ᠡᠷᠬᠢᠨ ᠲᠣᠭᠤᠷᠢᠨ ᠤ 30 ᠭᠠᠷᠤᠶ ᠬᠥᠮᠦᠨ ᠢ ᠳᠠᠶᠢᠴᠢᠯᠠᠨ ᠠᠵᠢᠯ ᠣᠯᠭᠤᠬᠤ ᠳᠤ ᠣᠷᠣᠯᠴᠠᠭᠤᠯᠬᠤ ᠪᠣᠯᠤᠨ᠎ᠠ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000963号