ᠲᠢᠶᠠᠨ ᠢ ᠪᠠᠯᠭᠠᠰᠤ ︽ᠬᠥᠳᠡᠭᠡ ᠠᠵᠤ ᠠᠬᠤᠢ ᠬᠥᠳᠡᠭᠡ ᠲᠣᠰᠬᠤᠨ ᠲᠠᠷᠢᠶᠠᠴᠢᠨ︾ ᠤ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ  ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠬᠦ ᠲᠠᠯ᠎ᠠ ᠪᠠᠷ ᠠᠬᠢᠭᠤᠯᠤᠨ᠎ᠠ
ᠨᠡᠶᠢᠲᠡᠯᠡᠭᠰᠡᠨ ᠴᠠᠭ᠄
2024/9/24
    ᠨᠢᠭᠡ ᠳᠤ᠂ ᠬᠤᠷᠢᠭ᠎ᠠ ᠱᠤᠭᠤᠮ ᠤᠨ ᠡᠭᠦᠷᠭᠡ ᠶᠢ ᠡᠷᠡᠰ ᠪᠠᠲᠤ ᠰᠠᠬᠢᠨ᠎ᠠ᠃  4020 ᠮᠥ ᠰᠦᠯᠢᠶᠣᠣ ᠪᠦᠷᠬᠦᠪᠴᠢ ᠪᠠᠷ ᠲᠡᠷᠢᠬᠤ ᠶᠢ ᠥᠷᠭᠡᠳᠬᠡᠨ ᠳᠡᠯᠭᠡᠷᠡᠭᠦᠯᠬᠦ ᠶᠢ ᠪᠡᠶᠡᠯᠡᠭᠦᠯᠵᠦ᠂ ᠡᠷᠳᠡᠨᠢ ᠰᠢᠰᠢ ᠶᠢ ᠨᠢᠭᠲᠠ ᠳᠠᠷᠢᠵᠤ ᠥᠨᠳᠥᠷ ᠤᠨᠠᠯᠲᠠ ᠲᠠᠢ ᠨᠠᠷᠢᠯᠢᠭ ᠣᠨᠣᠴᠠᠲᠠᠶ ᠪᠠᠷ ᠳᠣᠭᠢᠷᠠᠭᠤᠯᠤᠨ ᠡᠵᠡᠮᠳᠡᠬᠦ ᠮᠡᠷᠭᠡᠵᠢᠯ ᠢ 512.3 ᠮᠥ ᠳᠡᠯᠭᠡᠷᠡᠭᠦᠯᠵᠦ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠲᠠᠯᠠᠪᠠᠶ ᠶᠢ 3013 ᠮᠥ ᠪᠠᠶᠢᠭᠤᠯᠬᠤ ᠪᠠᠷ ᠲᠥᠯᠥᠪᠯᠡᠵᠦ᠂ ᠠᠮᠤ ᠪᠤᠳᠠᠭᠠᠨ ᠤ ᠶᠡᠷᠦᠩᠬᠡᠶᠢᠯᠡᠭᠰᠡᠨ ᠦᠢᠯᠡᠳᠪᠦᠷᠢᠯᠡᠯ ᠤᠨ ᠴᠢᠳᠠᠪᠤᠷᠢ ᠶᠢᠨ ᠰᠠᠭᠤᠷᠢ ᠶᠢ ᠤᠯᠠᠮ ᠨᠢᠭᠡ ᠠᠯᠬᠤᠮ ᠪᠠᠬᠢᠵᠢᠭᠦᠯᠦᠨ᠎ᠡ᠃ ᠡᠷᠳᠡᠨᠢ ᠰᠢᠰᠢ ᠶᠢ ᠨᠢᠭᠲᠠ ᠳᠠᠷᠢᠵᠤ ᠣᠨᠣᠪᠴᠢᠲᠠᠶ ᠡᠵᠡᠮᠳᠡᠬᠦ ᠮᠡᠷᠭᠡᠵᠢᠯ᠂ ᠪᠥᠬᠦ ᠣᠷᠣᠨ ᠤ ᠡᠷᠳᠡᠨᠢ ᠰᠢᠰᠢ ᠶᠢᠨ ᠡᠪᠡᠳᠴᠢᠨ ᠤ ᠬᠥᠨᠥᠭᠡᠯ ᠢ ᠬᠢᠨᠠᠨ ᠬᠡᠮᠵᠢᠬᠦ ᠪᠠ ᠰᠡᠷᠭᠡᠶᠢᠯᠡᠨ ᠡᠵᠡᠮᠳᠡᠬᠦ ᠮᠡᠷᠭᠡᠵᠢᠯ ᠵᠡᠷᠭᠡ ᠲᠤᠰᠬᠠᠶ ᠰᠡᠳᠦᠪᠲᠦ ᠪᠣᠯᠪᠠᠰᠤᠷᠠᠯ ᠤᠨ ᠠᠩᠭᠢ ᠶᠢ 14 ᠤᠳᠠᠭ᠎ᠠ ᠵᠣᠬᠢᠶᠠᠨ ᠪᠠᠶᠢᠭᠤᠯᠵᠤ᠂ ᠲᠠᠷᠢᠶᠠᠯᠠᠩ ᠤᠨ ᠥᠷᠲᠡᠭᠡᠨ ᠤ ᠠᠵᠢᠯᠲᠠᠳ ᠡᠯ᠎ᠡ ᠲᠣᠰᠬᠤᠨ᠂ ᠨᠡᠶᠢᠭᠡᠮ ᠲᠣᠭᠤᠷᠢᠭ ᠲᠤ ᠭᠦᠨᠵᠡᠭᠡᠶᠢᠷᠡᠨ ᠲᠠᠷᠢᠶᠠᠨ ᠭᠠᠵᠠᠷ ᠤᠨ ᠨᠥᠬᠦᠪᠥᠷᠢ᠂ ᠲᠠᠷᠢᠶᠠᠯᠠᠩ ᠤᠨ ᠳᠠᠭᠠᠳᠬᠠᠯ᠂ ᠡᠷᠳᠡᠨᠢ ᠰᠢᠰᠢ ᠶᠢᠨ ᠨᠥᠬᠦᠪᠥᠷᠢ ᠵᠡᠷᠭᠡ ᠲᠠᠷᠢᠶᠠᠴᠢᠳ ᠲᠤ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ ᠶᠢ ᠲᠦᠭᠡᠮᠡᠯᠵᠢᠭᠦᠯᠵᠦ᠂ 5000 ᠭᠠᠷᠤᠶ ᠬᠥᠮᠦᠨ ᠤᠳᠠᠭ᠎ᠠ ᠳᠤ ᠠᠰᠢᠭ ᠬᠦᠷᠲᠡᠭᠡᠪᠡ᠃    ᠬᠤᠶᠠᠷ ᠲᠤ ᠣᠨᠴᠠᠯᠢᠭᠲᠤ ᠠᠵᠤ ᠦᠢᠯᠡᠰ ᠢ ᠶᠡᠬᠡᠪᠡᠷ ᠬᠥᠭᠵᠢᠭᠦᠯᠦᠨ᠎ᠡ᠃ ᠲᠣᠬᠢᠷᠠᠮᠵᠢᠲᠠᠶ ᠦᠷ᠎ᠡ ᠳᠠᠷᠢᠬᠤ᠂ ᠲᠣᠬᠢᠷᠠᠮᠵᠢᠲᠠᠶ ᠡᠭᠦᠯᠳᠡᠷ ᠢ ᠲᠣᠬᠢᠷᠠᠮᠵᠢᠲᠠᠶ ᠪᠠᠶᠢᠯᠭᠠᠬᠤ ᠶᠢ ᠪᠠᠷᠢᠮᠲᠠᠯᠠᠵᠤ᠂ ᠠᠨ ᠰᠢᠨ ᠲᠣᠭᠠᠴᠢᠯᠠᠭᠰᠠᠨ ᠴᠢᠬᠢ ᠪᠤᠯᠤᠨ ᠱᠠᠨᠳᠦ᠋ᠩ ᠤᠨ ᠬᠦᠷᠢᠶᠡᠯᠡᠩ ᠤᠨ ᠲᠥᠷᠥᠯ ᠵᠦᠢᠯ ᠳᠤ ᠲᠦᠰᠢᠭᠯᠡᠨ᠂ ᠴᠢᠬᠢ ᠦᠷᠡᠵᠢᠭᠦᠯᠦᠨ ᠪᠤᠶᠢᠵᠢᠭᠤᠯᠬᠤ ᠠᠵᠤ ᠦᠢᠯᠡᠰ ᠢ ᠪᠥᠬᠦ ᠬᠦᠴᠦᠨ ᠢᠶᠠᠷ ᠢᠶᠠᠨ ᠠᠬᠢᠭᠤᠯᠵᠤ᠂ ︽25 ᠵᠠᠩᠭᠢᠯᠠᠭ᠎ᠠ ᠶᠢᠨ ᠴᠡᠭ ᠲᠤ ᠴᠢᠬᠢ ᠪᠤᠶᠢᠵᠢᠭᠤᠯᠬᠤ ᠠᠷᠭ᠎ᠠ︾ ᠶᠢ ᠬᠡᠷᠡᠭᠯᠡᠵᠦ᠂ ᠲᠥᠪᠡᠳ ᠬᠠᠰᠢ᠂ ᠯᠠᠵᠤᠤ᠂ ᠬᠠᠰᠢ᠂ ᠥᠷᠭᠡᠰᠦᠲᠦ ᠬᠡᠮᠬᠡ ᠵᠡᠷᠭᠡ ᠴᠢᠬᠢ ᠶᠢ ᠥᠨᠳᠥᠷ ᠪᠦᠲᠦᠮᠵᠢᠲᠡᠶ ᠪᠥᠭᠡᠳ ᠣᠶᠤᠨᠴᠢ ᠪᠠᠷ ᠳᠠᠷᠢᠵᠤ᠂ ᠪᠥᠬᠦ ᠵᠢᠯ ᠳᠤ ᠵᠠᠬᠢᠶᠠᠯᠠᠭ᠎ᠠ ᠶᠢᠨ ᠬᠡᠯᠪᠡᠷᠢ ᠪᠠᠷ ᠴᠢᠬᠢ ᠮᠣᠳᠣ 1.1 ᠳ᠋ᠦᠩᠰᠢᠭᠤᠷ ᠰᠠᠭᠤᠷᠢ ᠪᠤᠶᠢᠵᠢᠭᠤᠯᠪᠠ᠃ ᠡᠯ᠎ᠡ ᠲᠣᠰᠬᠤᠨ᠂ ᠨᠡᠶᠢᠭᠡᠮ ᠲᠣᠭᠤᠷᠢᠭ ᠤᠨ ᠬᠢᠨ ᠭᠠᠵᠠᠷ ᠰᠢᠷᠣᠢ ᠶᠢ ᠡᠷᠭᠢᠯᠲᠡ ᠪᠠᠷ ᠳᠠᠮᠵᠢᠭᠤᠯᠵᠤ᠂ ᠲᠠᠷᠠᠬᠠᠢ ᠪᠤᠲᠠᠷᠬᠠᠢ ᠬᠡᠰᠡᠭ ᠭᠠᠵᠠᠷ ᠢ ᠲᠥᠪᠯᠡᠷᠡᠭᠦᠯᠵᠦ᠂ ᠰᠣᠩᠭᠢᠨ᠎ᠠ᠂ ᠲᠥᠮᠥᠰᠥ᠂ ᠡᠮ ᠤᠨ ᠮᠠᠲ᠋ᠧᠷᠢᠶᠠᠯ ᠢ ᠬᠡᠪᠴᠢᠶᠡᠵᠢᠭᠦᠯᠦᠨ ᠳᠠᠷᠢᠵᠤ᠂ ᠤᠨᠴᠠᠯᠢᠬᠳᠤ ᠠᠵᠤ ᠦᠢᠯᠡᠰ ᠤᠨ ᠰᠢᠰᠲ᠋ᠧᠮ ᠢ ᠪᠦᠷᠢᠨᠰᠢᠬᠦᠯᠵᠦ᠂ ᠲᠠᠷᠢᠮᠠᠯ ᠤᠨ ᠳᠠᠪᠠᠭᠤᠯᠢᠭ ᠢ ᠭᠦᠢᠴᠡᠳ ᠠᠭᠤᠳᠠᠯᠵᠤ᠂ ᠲᠠᠷᠢᠶᠠᠯᠠᠩ ᠤᠨ ᠠᠵᠤ ᠦᠢᠯᠡᠰ ᠢ ᠤᠯᠠᠨ ᠡᠰᠢᠵᠢᠭᠦᠯᠦᠨ ᠥᠷᠨᠢᠩᠭᠦᠢ ᠬᠥᠭᠵᠢᠭᠦᠯᠬᠦ ᠰᠠᠶᠢᠨ ᠰᠠᠶᠢᠬᠠᠨ ᠪᠠᠶᠢᠳᠠᠯ ᠲᠠᠢ ᠪᠣᠯᠭᠠᠪᠠ᠃    ᠭᠤᠷᠪᠠ ᠳᠤ᠂ ᠬᠥᠳᠡᠭᠡ ᠲᠣᠰᠬᠤᠨ ᠤ ᠪᠠᠶᠢᠭᠤᠯᠤᠯᠲᠠ ᠶᠢ ᠡᠮᠬᠢ ᠵᠢᠷᠤᠮ ᠲᠠᠢ ᠪᠠᠷ ᠠᠬᠢᠭᠤᠯᠤᠨ᠎ᠠ᠃ ︽ᠨᠠᠢᠮᠠᠨ ᠲᠤᠷᠠᠪᠠᠷ︾ ᠠᠰᠠᠭᠤᠳᠠᠯ ᠢ ᠴᠡᠭᠴᠡᠯᠡᠨ ᠵᠠᠰᠠᠬᠤ ᠡᠷᠴᠢᠮ ᠢᠶᠠᠨ ᠴᠢᠩᠭᠠᠷᠠᠭᠤᠯᠵᠤ᠂ ᠡᠭᠦᠳᠡᠨ ᠡᠮᠦᠨᠡᠬᠢ ᠭᠤᠷᠪᠠ ᠶᠢ ᠳᠠᠭᠠᠭᠠᠴᠢᠯᠠᠬᠤ ᠲᠥᠷᠥ ᠶᠢᠨ ᠪᠣᠳᠣᠯᠭ᠎ᠠ ᠪᠠᠷ ᠳᠠᠮᠵᠢᠭᠤᠯᠤᠨ᠂ ᠣᠯᠠᠨ ᠲᠦᠮᠡᠨ ᠤ ᠳᠤᠷ᠎ᠠ ᠪᠠᠷ ᠢᠶᠠᠨ ᠬᠤᠭ ᠨᠣᠪᠰᠢ ᠬᠠᠶᠠᠬᠤ ᠮᠠᠭᠤ ᠳᠠᠳᠬᠠᠯ ᠢ ᠬᠢᠵᠠᠭᠠᠷᠯᠠᠵᠤ᠂ ᠠᠶᠢᠯ ᠲᠣᠰᠬᠤᠨ ᠤ ᠥᠩᠭᠡ ᠵᠢᠰᠦ ᠶᠢ ᠤᠯᠠᠮ ᠨᠢᠭᠡ ᠠᠯᠬᠤᠮ ᠳᠡᠭᠡᠭᠰᠢᠯᠡᠭᠦᠯᠦᠨ᠎ᠡ᠃ ᠬᠥᠳᠡᠭᠡ ᠲᠣᠰᠬᠤᠨ ᠤ ᠵᠠᠮ ᠤᠨ ᠪᠠᠶᠢᠭᠤᠯᠤᠯᠲᠠ ᠶᠢᠨ ᠡᠷᠴᠢᠮ ᠢ ᠦᠷᠭᠦᠯᠵᠢᠯᠡᠨ ᠴᠢᠩᠭᠠᠷᠠᠭᠤᠯᠵᠤ᠂ ᠰᠦᠮ᠎ᠡ ᠶᠢᠨ ᠭᠤᠣᠯ ᠨᠡᠶᠢᠭᠡᠮ ᠲᠣᠭᠤᠷᠢᠭ ᠤᠨ 3.4 ᠳᠤᠭᠤᠶᠢᠯᠠᠩ ᠤᠨ 36 ᠵᠡᠭᠡᠯᠢ ᠭᠤᠳᠤᠮᠵᠢ ᠶᠢᠨ ᠵᠠᠮ ᠢ ᠬᠠᠲᠠᠭᠤᠷᠠᠭᠤᠯᠵᠤ᠂ 1 - 6 ᠳᠤᠭᠤᠶᠢᠯᠠᠩ ᠳᠤ ᠲᠦᠭᠡᠭᠡᠯ ᠤᠰᠤᠨ ᠤ ᠬᠤᠭᠤᠯᠠᠶ ᠶᠢᠨ ᠲᠣᠤᠷ ᠢ ᠰᠢᠨ᠎ᠡ ᠪᠠᠷ ᠳᠡᠪᠢᠰᠴᠦ᠂ 893 ᠣᠯᠠᠨ ᠲᠦᠮᠡᠨ ᠳᠤ ᠲᠦᠭᠦᠮ ᠦᠵᠡᠬᠦᠯᠵᠡᠢ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000963号