| 2024 ᠣᠨ ᠤ 8 ᠰᠠᠷ᠎ᠠ ᠠᠴᠠ 9 ᠰᠠᠷ᠎ᠠ ᠪᠣᠯᠲᠠᠯ᠎ᠠ᠂ ᠳᠤᠮᠳᠠᠳᠤ ᠤᠯᠤᠰ ᠤᠨ ᠡᠪ ᠬᠠᠮᠲᠤ ᠨᠠᠮ ᠤᠨ | ᠨᠢᠩᠴᠧᠩ ᠰᠢᠶᠠᠨ ᠤ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ᠂ ᠳᠤᠮᠳᠠᠳᠤ ᠤᠯᠤᠰ ᠤᠨ ᠡᠪ ᠬᠠᠮᠲᠤ ᠨᠠᠮ ᠤᠨ | ᠨᠢᠩᠴᠧᠩ ᠰᠢᠶᠠᠨ ᠤ ᠬᠤᠷᠢᠶᠠᠨ ᠤ ᠤᠬᠠᠭᠤᠯᠬᠤ ᠬᠡᠯᠲᠡᠰ᠂ ᠨᠢᠩᠴᠧᠩ ᠰᠢᠶᠠᠨ ᠤ ᠰᠣᠶᠣᠯ ᠵᠤᠭᠠᠴᠠᠯ ᠪᠡᠶ᠎ᠡ ᠶᠢᠨ | ᠲᠠᠮᠢᠷ ᠤᠨ ᠲᠣᠪᠴᠢᠶ᠎ᠠ᠂ ᠨᠢᠩᠴᠧᠩ ᠰᠢᠶᠠᠨ ᠤ ᠠᠵᠢᠯᠴᠢᠨ ᠤ ᠶᠡᠷᠦᠩᠬᠡᠢ ᠡᠪᠯᠡᠯ ᠠᠴᠠ ᠭᠤᠣᠯᠯᠠᠨ ᠡᠷᠬᠢᠯᠡᠭᠰᠡᠨ | ᠬᠤᠶᠠᠳᠤᠭᠠᠷ ᠬᠤᠭᠤᠴᠠᠭᠠᠨ ᠤ ᠠᠵᠢᠯᠳᠠᠨ ᠠᠵᠢᠯᠴᠢᠨ ᠤ ᠪᠡᠶ᠎ᠡ ᠶᠢᠨ ᠲᠠᠮᠢᠷ ᠤᠨ ᠴᠤᠭᠯᠠᠭᠠᠨ ᠨᠢᠭᠡᠨᠲᠡ ᠲᠡᠭᠦᠰ | ᠠᠮᠵᠢᠯᠲᠠ ᠲᠠᠢ ᠥᠨᠳᠥᠷᠯᠡᠪᠡ᠃ | ᠲᠣᠰ ᠤᠳᠠᠭᠠᠨ ᠤ ᠤᠷᠤᠯᠳᠤᠭᠠᠨ ᠳᠤ ᠫᠢᠩᠫᠠᠩ ᠪᠥᠮᠪᠦᠭᠡ᠂ ᠠᠯᠠᠭᠠᠳᠠᠬᠤ ᠪᠥᠮᠪᠦᠭᠡ᠂ ᠰᠠᠭᠰᠤᠨ ᠪᠥᠮᠪᠦᠭᠡ᠂ | ᠥᠲᠥᠨ ᠪᠥᠮᠪᠦᠭᠡ ᠵᠡᠷᠭᠡ 4 ᠵᠦᠢᠯ ᠤᠨ ᠤᠷᠤᠯᠳᠤᠭᠠᠨ ᠲᠣᠬᠢᠷᠠᠭᠤᠯᠵᠤ᠂ ᠨᠡᠶᠢᠲᠡ 1000 ᠭᠠᠷᠤᠢ ᠠᠵᠢᠯᠲᠠᠨ | ᠤᠷᠤᠯᠳᠤᠭᠠᠨ ᠳᠤ ᠣᠷᠣᠯᠴᠠᠵᠠᠢ᠃ ᠤᠷᠤᠯᠳᠤᠭᠠᠨ ᠤ ᠲᠠᠯᠠᠪᠤᠷ ᠲᠤ᠂ ᠨᠢᠩᠴᠧᠩ ᠰᠢᠶᠠᠨ ᠤ ᠺᠠᠳ᠋ᠷ ᠠᠵᠢᠯᠳᠠᠨ ᠤ | ᠴᠤᠭ ᠪᠠᠳᠠᠷᠠᠩᠭᠤᠶ ᠥᠭᠡᠳᠡᠯᠡᠨ ᠳᠠᠪᠰᠢᠬᠤ ᠴᠤᠭ ᠵᠢᠪᠬᠤᠭ᠎ᠠ ᠪᠠ ᠪᠦᠯᠬᠦᠮᠳᠡᠨ ᠲᠡᠮᠡᠴᠡᠬᠦ ᠣᠶᠤᠨ ᠰᠠᠨᠠᠭᠠᠨ ᠤ | ᠳᠦᠷᠰᠦ ᠪᠠᠶᠢᠳᠠᠯ ᠢ ᠢᠯᠡᠷᠡᠭᠦᠯᠪᠡ᠃ | ᠲᠣᠰ ᠤᠳᠠᠭᠠᠨ ᠤ ᠪᠡᠶ᠎ᠡ ᠶᠢᠨ ᠲᠠᠮᠢᠷ ᠤᠨ ᠴᠤᠭᠯᠠᠭᠠᠨ ᠨᠢ ᠡᠯ᠎ᠡ ᠨᠢᠭᠡᠴᠡ ᠶᠢᠨ ᠬᠤᠭᠤᠷᠣᠨᠳᠣᠬᠢ ᠰᠣᠯᠢᠯᠴᠠᠭ᠎ᠠ | ᠪᠠ ᠬᠠᠮᠲᠤᠷᠠᠯᠴᠠᠭ᠎ᠠ ᠶᠢ ᠨᠡᠮᠡᠭᠳᠡᠭᠦᠯᠵᠦ᠂ ᠠᠵᠢᠯ ᠤᠨ ᠴᠢᠯᠥᠭᠡᠨ ᠤ ᠰᠣᠶᠣᠯ ᠤᠨ ᠠᠮᠢᠳᠤᠷᠠᠯ ᠢ ᠰᠠᠶᠢᠵᠢᠷᠠᠭᠤᠯᠬᠤ᠂ | ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠶᠢᠨ ᠬᠠᠷᠢᠯᠴᠠᠨ ᠬᠥᠳᠡᠯᠦᠯᠴᠡᠬᠦ ᠶᠢ ᠠᠬᠢᠭᠤᠯᠬᠤ᠂ ᠠᠵᠢᠯᠲᠠᠨ | ᠠᠵᠢᠯᠴᠢᠨ ᠤ ᠠᠵᠢᠯ ᠤᠨ ᠬᠠᠯᠠᠭᠤᠨ ᠰᠡᠳᠬᠢᠯᠭᠡ ᠶᠢ ᠬᠥᠭᠵᠢᠭᠡᠬᠦ᠂ ᠪᠥᠬᠦ ᠰᠢᠶᠠᠨ ᠤ ᠡᠷᠡᠯᠬᠡᠭᠯᠡᠨ ᠤᠷᠤᠭᠰᠢᠯᠠᠬᠤ | ᠬᠦᠴᠦᠨ ᠤ ᠵᠢᠱᠢᠭᠰᠡᠨ ᠦᠷ᠎ᠡ ᠪᠦᠲᠦᠮᠵᠢ ᠶᠢ ᠨᠢᠬᠲᠠᠷᠠᠭᠤᠯᠪᠠ᠃ |