| ᠣᠶᠢᠷ᠎ᠠ ᠳᠤ᠂ ᠰᠢᠶᠠᠨ ᠤ ᠠᠶᠤᠯᠭᠦᠢ ᠦᠢᠯᠡᠳᠪᠦᠷᠢᠯᠡᠯ ᠤᠨ ᠵᠥᠪᠯᠡᠯ ᠤᠨ ᠠᠯᠪᠠᠨ ᠭᠡᠷ ᠲᠦᠷᠦᠭᠦᠯᠡᠨ᠂ | ᠰᠢᠶᠠᠨ ᠤ ᠠᠶᠤᠯᠭᠦᠢ ᠦᠢᠯᠡᠳᠪᠦᠷᠢᠯᠡᠯ ᠤᠨ ᠵᠥᠪᠯᠡᠯ᠂ ᠰᠢᠶᠠᠨ ᠤ ᠤᠢ ᠰᠢᠭᠤᠢ ᠶᠢᠨ ᠰᠡᠷᠭᠡᠶᠢᠯᠡᠯᠲᠡ ᠶᠢᠨ | ᠵᠢᠯᠣᠭᠤᠳᠬᠤ ᠪᠦᠷᠢᠯᠳᠦᠬᠦᠨ ᠨᠢᠭᠡᠴᠡ᠂ ᠡᠯ᠎ᠡ ᠪᠠᠯᠭᠠᠰᠤ ᠰᠢᠶᠠᠩ ᠵᠡᠭᠡᠯᠢ ᠭᠤᠳᠤᠮᠵᠢ ᠶᠢᠨ ᠭᠤᠣᠯ ᠬᠠᠷᠢᠭᠤᠴᠠᠯᠭᠠᠲᠠᠨ | ᠪᠣᠯᠤᠨ ᠤᠯᠤᠰ ᠤᠨ ᠥᠮᠴᠢᠯᠡᠯ ᠤᠨ ᠤᠢ ᠰᠢᠭᠤᠢ ᠶᠢᠨ ᠲᠠᠯᠠᠪᠠᠢ᠂ ᠬᠡᠰᠡᠭ ᠭᠤᠣᠯᠳᠠᠯᠭ᠎ᠠ ᠲᠠᠢ ᠠᠵᠤ ᠠᠬᠤᠶᠢᠯᠠᠯ ᠤᠨ | ᠭᠤᠣᠯ ᠬᠠᠷᠢᠭᠤᠴᠠᠯᠭᠠᠲᠠᠨ ᠬᠤᠷᠠᠯ ᠳᠤ ᠣᠷᠣᠯᠴᠠᠵᠤ᠂ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ | ᠰᠢᠶᠠᠨ ᠤ ᠵᠠᠰᠠᠭ ᠤᠨ ᠣᠷᠳᠣᠨ ᠤ ᠪᠠᠶᠢᠩᠭᠤ ᠶᠢᠨ ᠳᠡᠳ᠋ ᠳᠠᠷᠤᠭ᠎ᠠ ᠯᠢ ᠳ᠋ᠠ ᠫᠧᠩ ᠬᠤᠷᠠᠯ ᠳᠤ ᠣᠷᠣᠯᠴᠠᠪᠠ᠃ | ᠬᠤᠷᠠᠯ ᠠᠴᠠ᠂ ᠡᠯ᠎ᠡ ᠨᠢᠭᠡᠴᠡ ᠶᠢᠨ ᠬᠢᠨ ᠬᠢᠨᠠᠯᠲᠠ ᠬᠠᠮᠢᠶᠠᠷᠤᠯᠲᠠ ᠶᠢᠨ ᠬᠠᠷᠢᠭᠤᠴᠠᠯᠭ᠎ᠠ᠂ ᠬᠠᠷᠢᠶ᠎ᠠ ᠭᠠᠵᠠᠷ ᠤᠨ | ᠬᠠᠮᠢᠶᠠᠷᠤᠯᠲᠠ ᠶᠢᠨ ᠬᠠᠷᠢᠭᠤᠴᠠᠯᠭ᠎ᠠ ᠪᠣᠯᠤᠨ ᠠᠵᠤ ᠠᠬᠤᠶᠢᠯᠠᠯ ᠤᠨ ᠭᠤᠣᠯ ᠴᠣᠭᠴᠠ ᠶᠢᠨ ᠬᠠᠷᠢᠭᠤᠴᠠᠯᠭ᠎ᠠ ᠶᠢ | ᠰᠠᠶᠢᠲᠤᠷ ᠨᠠᠶᠢᠳᠠᠪᠤᠷᠢᠵᠢᠭᠤᠯᠬᠤ ᠶᠢᠨ ᠲᠣᠭᠤᠷᠢᠨ ᠳᠤ᠂ ᠠᠶᠤᠯᠭᠦᠢ ᠦᠢᠯᠡᠳᠪᠦᠷᠢᠯᠡᠯ ᠤᠨ ᠠᠵᠢᠯ ᠤᠨ ᠤᠳᠤᠷᠢᠳᠤᠯᠭ᠎ᠠ | ᠪᠣᠯᠤᠨ ᠨᠢᠭᠡᠳᠦᠯᠲᠡᠢ ᠲᠥᠯᠥᠪᠵᠢᠭᠦᠯᠦᠨ ᠲᠤᠬᠢᠷᠠᠭᠤᠯᠬᠤ ᠪᠠᠨ ᠴᠢᠩᠭᠠᠳᠬᠠᠵᠤ᠂ ᠭᠤᠣᠯᠳᠠᠯᠭ᠎ᠠ ᠲᠠᠢ ᠴᠠᠭ | ᠬᠤᠭᠤᠴᠠᠭ᠎ᠠ ᠶᠢ ᠨᠢᠭᠲᠠ ᠠᠩᠬᠠᠷᠴᠤ᠂ ᠣᠳᠣᠬᠠᠨ ᠤ ᠠᠶᠤᠯᠭᠦᠢ ᠦᠢᠯᠡᠳᠪᠦᠷᠢᠯᠡᠯ ᠤᠨ ᠠᠵᠢᠯ ᠤᠨ ᠴᠢᠬᠤᠯᠠ ᠴᠢᠨᠠᠷ | ᠪᠣᠯᠤᠨ ᠲᠤᠯᠭᠠᠮ᠎ᠠ ᠴᠢᠨᠠᠷ ᠢ ᠰᠡᠷᠭᠡᠭ ᠢᠶᠠᠷ ᠲᠠᠨᠢᠵᠤ᠂ ᠬᠤᠶᠠᠷ ᠪᠠᠶᠠᠷ ᠤᠨ ᠬᠤᠭᠤᠴᠠᠭ᠎ᠠ ᠪᠣᠯᠤᠨ ᠳᠥᠷᠪᠡᠳᠦᠭᠡᠷ | ᠤᠯᠠᠷᠢᠯ ᠤᠨ ᠠᠶᠤᠯᠭᠦᠢ ᠦᠢᠯᠡᠳᠪᠦᠷᠢᠯᠡᠯ ᠤᠨ ᠣᠨᠴᠠᠯᠢᠭ ᠤᠨ ᠡᠮᠦᠨ᠎ᠡ᠂ ᠨᠡᠩ ᠪᠣᠳᠠᠲᠠᠢ᠂ ᠨᠡᠩ ᠨᠠᠷᠢᠯᠢᠭ | ᠠᠵᠢᠯ ᠤᠨ ᠠᠷᠭ᠎ᠠ ᠬᠡᠮᠵᠢᠶ᠎ᠡ ᠠᠪᠴᠤ᠂ ᠪᠦᠬᠦ ᠠᠵᠢᠯ ᠲᠦᠷᠦᠯ ᠤᠨ ᠠᠶᠤᠯᠭᠦᠢ ᠦᠢᠯᠡᠳᠪᠦᠷᠢᠯᠡᠯ ᠤᠨ ᠬᠢᠨᠠᠯᠲᠠ | ᠬᠠᠮᠢᠶᠠᠷᠤᠯᠲᠠ ᠶᠢᠨ ᠠᠵᠢᠯ ᠢ ᠴᠢᠩᠭᠠᠳᠬᠠᠵᠤ᠂ ᠠᠶᠤᠯ ᠶᠡᠬᠡᠲᠡᠢ ᠠᠵᠢᠯ ᠲᠦᠷᠦᠯ ᠤᠨ ᠬᠦᠷᠢᠶᠡᠨ ᠳᠤ ᠶᠡᠭᠡ | ᠪᠠᠶᠢᠴᠠᠭᠠᠯᠲᠠ ᠥᠷᠨᠢᠭᠦᠯᠵᠦ᠂ ᠠᠮᠤᠷ ᠲᠦᠪᠰᠢᠨ ᠤ ᠬᠡᠮ ᠰᠣᠭᠤᠭ ᠢ ᠵᠢᠭᠰᠠᠭᠠᠨ ᠪᠠᠶᠢᠴᠠᠭᠠᠵᠤ ᠴᠡᠭᠴᠡᠯᠡᠨ | ᠰᠠᠶᠢᠵᠢᠷᠠᠭᠤᠯᠬᠤ ᠶᠢ ᠬᠠᠮᠢᠶᠠᠷᠤᠨ ᠡᠵᠡᠮᠳᠡᠬᠦ ᠶᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠪᠠᠲᠤᠯᠠᠬᠤ ᠬᠡᠷᠡᠭᠲᠡᠢ ᠭᠡᠵᠦ | ᠴᠢᠬᠤᠯᠠᠴᠢᠯᠠᠪᠠ᠃ | ᠬᠤᠷᠠᠯ ᠠᠴᠠ᠂ ᠡᠨᠡ ᠵᠢᠯ ᠮᠠᠨ ᠤ ᠰᠢᠶᠠᠨ ᠤ ᠬᠤᠷ᠎ᠠ ᠲᠣᠨᠣᠳᠠᠰᠤ ᠡᠯᠪᠡᠭ᠂ ᠡᠪᠡᠰᠦ ᠮᠣᠳᠣ ᠢᠭᠴᠤ ᠰᠠᠬᠤᠯᠢᠭ | ᠤᠷᠭᠤᠵᠤ᠂ ᠨᠠᠮᠤᠷ ᠡᠪᠦᠯ ᠤᠨ ᠤᠯᠠᠷᠢᠯ ᠤᠨ ᠨᠤᠲᠤᠭ ᠪᠡᠯᠴᠢᠭᠡᠷ ᠤᠨ ᠭᠠᠯ ᠰᠡᠷᠭᠡᠶᠢᠯᠡᠨ ᠤᠨᠲᠠᠷᠠᠭᠠᠬᠤ ᠠᠵᠢᠯ ᠤᠨ | ᠳᠠᠷᠤᠯᠲᠠ ᠨᠡᠯᠢᠶᠡᠳ ᠶᠡᠭᠡ᠂ ᠡᠯ᠎ᠡ ᠪᠠᠯᠭᠠᠰᠤ ᠰᠢᠶᠠᠩ ᠵᠡᠭᠡᠯᠢ ᠭᠤᠳᠤᠮᠵᠢ᠂ ᠡᠯ᠎ᠡ ᠰᠠᠯᠠᠭ᠎ᠠ ᠮᠥᠴᠢᠷ ᠲᠠᠨᠢᠯᠲᠠ ᠪᠠᠨ | ᠳᠡᠭᠡᠭᠰᠢᠯᠡᠭᠦᠯᠵᠦ᠂ ᠠᠶᠤᠯ ᠲᠦᠭᠰᠢᠭᠦᠷᠢ ᠶᠢ ᠤᠷᠢᠳᠴᠢᠯᠠᠨ ᠰᠡᠷᠭᠡᠶᠢᠯᠡᠵᠦ᠂ ᠳᠠᠯᠳᠠ ᠬᠡᠮ ᠢ ᠣᠨᠣᠪᠴᠢᠲᠠᠶ | ᠰᠡᠷᠭᠡᠶᠢᠯᠡᠬᠦ ᠪᠠ ᠵᠢᠭᠰᠠᠭᠠᠨ ᠪᠠᠶᠢᠴᠠᠭᠠᠵᠤ᠂ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠨ ᠤᠨᠲᠠᠷᠠᠭᠠᠬᠤ | ᠠᠵᠢᠯ ᠤᠨ ᠰᠠᠨᠠᠭᠠᠴᠢᠯᠠᠭᠠᠲᠤ ᠡᠷᠬᠡ ᠶᠢ ᠡᠵᠡᠮᠰᠢᠵᠦ᠂ ᠭᠠᠯ ᠤᠨ ᠠᠶᠤᠯ ᠤᠨ ᠳᠠᠯᠳᠠ ᠬᠡᠮ ᠢ ᠥᠨᠴᠥᠭ ᠪᠤᠯᠤᠩ | ᠦᠯᠡᠳᠡᠭᠡᠬᠦ ᠥᠬᠡᠶ ᠪᠠᠶᠢᠬᠤ ᠶᠢ ᠦᠨᠡᠨᠬᠦ ᠪᠠᠲᠤᠯᠠᠵᠤ᠂ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠨ | ᠤᠨᠲᠠᠷᠠᠭᠠᠬᠤ ᠠᠵᠢᠯ ᠤᠨ ᠪᠠᠶᠢᠳᠠᠯ ᠢ ᠦᠷᠭᠦᠯᠵᠢᠯᠡᠨ ᠭᠦᠨᠵᠡᠭᠡᠶ ᠰᠤᠳᠤᠯᠤᠨ ᠮᠠᠭᠠᠳᠯᠠᠵᠤ᠂ ᠰᠢᠨᠵᠢᠯᠡᠬᠦ | ᠤᠬᠠᠭᠠᠨᠴᠢ ᠪᠠᠷ ᠠᠷᠭᠠᠴᠠᠬᠤ ᠴᠢᠳᠠᠪᠤᠷᠢ ᠪᠠᠨ ᠳᠡᠭᠡᠭᠰᠢᠯᠡᠭᠦᠯᠦᠨ᠂ ᠣᠶ ᠰᠢᠭᠤᠶ ᠨᠤᠲᠤᠭ ᠪᠡᠯᠴᠢᠭᠡᠷ ᠤᠨ ᠭᠠᠯ | ᠰᠡᠷᠭᠡᠶᠢᠯᠡᠬᠦ᠂ ᠤᠬᠠᠭᠤᠯᠬᠤ᠂ ᠬᠥᠮᠦᠵᠢᠭᠦᠯᠬᠦ ᠠᠵᠢᠯᠯᠠᠭ᠎ᠠ ᠶᠢ ᠥᠷᠭᠡᠨ ᠢᠶᠠᠷ ᠥᠷᠨᠢᠭᠦᠯᠵᠦ᠂ ᠭᠠᠯ ᠰᠡᠷᠭᠡᠶᠢᠯᠡᠬᠦ ᠪᠥᠬᠦ | ᠲᠠᠯ᠎ᠠ ᠶᠢᠨ ᠤᠬᠠᠮᠰᠠᠷ ᠢ ᠳᠡᠭᠡᠭᠰᠢᠯᠡᠭᠦᠯᠬᠦ ᠬᠡᠷᠡᠭᠲᠡᠶ ᠭᠡᠵᠦ ᠵᠢᠭᠠᠵᠤ ᠭᠠᠷᠭᠠᠪᠠ᠃ | ᠬᠤᠷᠠᠯ ᠠᠴᠠ᠂ ᠡᠯ᠎ᠡ ᠪᠠᠯᠭᠠᠰᠤ ᠰᠢᠶᠠᠩ ᠪᠠᠯᠭᠠᠰᠤ ᠵᠡᠭᠡᠯᠢ ᠭᠤᠳᠤᠮᠵᠢ ᠶᠢᠨ ᠬᠢᠨ ᠦᠨᠳᠦᠰᠦᠨ ᠱᠠᠲᠤᠨ ᠤ | ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠰᠢᠰᠲ᠋ᠧᠮ ᠤᠨ ᠴᠢᠳᠠᠪᠤᠷᠢ ᠶᠢᠨ ᠪᠠᠶᠢᠭᠤᠯᠤᠯᠲᠠ ᠶᠢᠨ ᠠᠵᠢᠯ ᠢ | ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠡᠯ᠎ᠡ ᠵᠦᠢᠯ ᠤᠨ ᠪᠦᠳᠦᠭᠡᠨ ᠪᠠᠶᠢᠭᠤᠯᠤᠯᠲᠠ ᠶᠢᠨ ᠡᠭᠦᠷᠭᠡ ᠶᠢ | ᠲᠣᠭᠲᠠᠭᠰᠠᠨ ᠬᠤᠭᠤᠴᠠᠭᠠᠨ ᠳᠤ ᠪᠡᠶᠡᠯᠡᠭᠦᠯᠵᠦ᠂ ᠡᠯ᠎ᠡ ᠲᠤᠷᠰᠢᠯᠲᠠ ᠶᠢᠨ ᠰᠢᠶᠠᠩ ᠪᠠᠯᠭᠠᠰᠤ ᠵᠢᠱᠢᠶ᠎ᠡ ᠦᠵᠡᠭᠦᠯᠵᠦ | ᠳᠠᠭᠠᠭᠤᠯᠬᠤ ᠦᠢᠯᠡᠳᠦᠯ ᠢᠶᠠᠨ ᠰᠠᠶᠢᠲᠤᠷ ᠪᠠᠳᠠᠷᠠᠭᠤᠯᠵᠤ᠂ ᠤᠯᠤᠯᠴᠠᠭ᠎ᠠ ᠪᠠᠨ ᠴᠢᠩᠭᠠᠳᠬᠠᠵᠤ᠂ ᠬᠠᠷᠢᠯᠴᠠᠨ | ᠰᠤᠷᠤᠯᠴᠠᠵᠤ᠂ ᠴᠢᠨᠠᠷ ᠰᠠᠶᠢᠲᠠᠢ ᠦᠨᠳᠦᠰᠦᠨ ᠱᠠᠲᠤᠨ ᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ | ᠰᠢᠰᠲ᠋ᠧᠮ ᠤᠨ ᠴᠢᠳᠠᠪᠤᠷᠢ ᠶᠢᠨ ᠪᠠᠶᠢᠭᠤᠯᠤᠯᠲᠠ ᠪᠠᠷ ᠪᠦᠬᠦ ᠰᠢᠶᠠᠨ ᠤ ᠠᠶᠤᠯᠭᠦᠢ ᠦᠢᠯᠡᠳᠪᠦᠷᠢᠯᠡᠯ ᠤᠨ ᠬᠢᠨᠠᠯᠲᠠ | ᠬᠠᠮᠢᠶᠠᠷᠤᠯᠲᠠ ᠪᠣᠯᠤᠨ ᠭᠠᠮᠰᠢᠭ ᠢ ᠰᠡᠷᠭᠡᠶᠢᠯᠡᠬᠦ ᠭᠠᠮᠰᠢᠭ ᠢ ᠪᠠᠭᠠᠰᠬᠠᠬᠤ ᠭᠠᠮᠰᠢᠭ ᠠᠴᠠ ᠠᠪᠤᠷᠠᠬᠤ ᠠᠵᠢᠯ ᠳᠤ ᠪᠠᠲᠤ | ᠴᠢᠩᠭ᠎ᠠ ᠪᠠᠲᠤᠯᠠᠭ᠎ᠠ ᠬᠠᠩᠭᠠᠬᠤ ᠬᠡᠷᠡᠭᠲᠡᠢ ᠭᠡᠵᠦ ᠱᠠᠭᠠᠷᠳᠠᠪᠠ᠃ |