| ᠤᠶᠢᠷ᠎ᠠ ᠶᠢᠨ ᠡᠳᠦᠷ᠂ ᠨᠢᠩᠴᠧᠩ ᠰᠢᠶᠠᠨ ᠤ ᠠᠵᠢᠯ ᠣᠯᠭᠤᠯᠲᠠ ᠶᠢᠨ ᠦᠢᠯᠡᠴᠢᠯᠡᠭᠡᠨ ᠤ ᠲᠥᠪ᠂ ᠨᠢᠩᠴᠧᠩ | ᠰᠢᠶᠠᠨ ᠤ ᠠᠵᠢᠯᠴᠢᠨ ᠤ ᠶᠡᠷᠦᠩᠬᠡᠢ ᠡᠪᠯᠡᠯ᠂ ᠨᠢᠩᠴᠧᠩ ᠰᠢᠶᠠᠨ ᠤ ᠦᠢᠯᠡᠳᠪᠦᠷᠢ ᠬᠤᠳᠠᠯᠳᠤᠭᠠᠨ ᠤ ᠬᠤᠯᠪᠣᠭ᠎ᠠ ᠶᠢᠨ | ᠬᠠᠮᠲᠤᠪᠠᠷ ᠡᠷᠬᠢᠯᠡᠭᠰᠡᠨ ︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ | ︾ ᠠᠯᠳᠠᠨ ᠨᠠᠮᠤᠷ ᠤᠨ ᠶᠢᠰᠦᠳᠤᠭᠡᠷ ᠰᠠᠷ᠎ᠠ ᠶᠢᠨ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ ᠲᠤᠬᠠᠢ ᠶᠢᠨ | ᠲᠠᠯᠠᠪᠠᠢ ᠶᠢᠨ ᠠᠵᠢᠯᠲᠠᠨ ᠡᠯᠰᠡᠬᠦ ᠬᠤᠷᠠᠯ ᠨᠢᠩᠴᠧᠩ ᠰᠢᠶᠠᠨ ᠤ ᠵᠦᠩ ᠵᠢᠩ ᠠᠭᠤᠳᠠᠮ ᠲᠠᠯᠠᠪᠠᠢ ᠳᠤ ᠶᠠᠪᠤᠭᠳᠠᠪᠠ᠃ | ᠲᠤᠰ ᠤᠳᠠᠭ᠎ᠠ ᠶᠢᠨ ᠠᠵᠢᠯᠲᠠᠨ ᠡᠯᠰᠡᠬᠦ ᠴᠤᠭᠯᠠᠭᠠᠨ ᠪᠣᠯ ᠨᠢᠩᠴᠧᠩ ᠰᠢᠶᠠᠨ ᠨᠠᠮ ᠤᠨ ᠬᠤᠷᠢᠳᠤᠭᠠᠷ | ᠬᠤᠭᠤᠴᠠᠭᠠᠨ ᠤ ᠭᠤᠷᠪᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠤᠨ | ᠨᠠᠶᠢᠳᠠᠪᠤᠷᠢᠵᠢᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ | ᠪᠠᠲᠤᠳᠬᠠᠬᠤ ᠪᠠᠷ ᠭᠤᠣᠯ ᠰᠢᠵᠢᠮ ᠪᠣᠯᠭᠠᠵᠤ᠂ ᠠᠵᠢᠯ ᠣᠯᠭᠤᠯᠲᠠ ᠶᠢ ᠲᠡᠷᠢᠭᠦᠨ ᠳᠤ ᠲᠠᠯᠪᠢᠬᠤ ᠲᠦᠷᠦ ᠶᠢᠨ | ᠪᠤᠳᠤᠯᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠴᠢᠳᠠᠪᠤᠷᠢᠲᠠᠨ ᠢᠶᠠᠷ ᠬᠤᠳᠠ ᠪᠠᠨ ᠬᠦᠴᠦᠷᠬᠡᠭᠵᠢᠭᠦᠯᠬᠦ | ᠪᠠᠶᠢᠯᠳᠤᠬᠤ ᠪᠤᠳᠤᠯᠭ᠎ᠠ ᠶᠢ ᠯᠠᠪᠳᠠᠭᠤᠨ ᠪᠠᠲᠤᠲᠠᠢ ᠠᠬᠢᠭᠤᠯᠵᠤ᠂ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ᠂ | ᠴᠡᠷᠢᠭ ᠤᠨ ᠠᠯᠪᠠᠨ ᠠᠴᠠ ᠬᠠᠯᠠᠭᠳᠠᠭᠰᠠᠳ ᠵᠡᠷᠭᠡ ᠭᠤᠣᠯᠳᠠᠯᠭ᠎ᠠ ᠲᠠᠢ ᠬᠥᠮᠦᠰ ᠤᠨ ᠤᠯᠠᠨ ᠠᠷᠭ᠎ᠠ ᠵᠠᠮ ᠢᠶᠠᠷ ᠠᠵᠢᠯ | ᠣᠯᠭᠤᠯᠲᠠ ᠶᠢ ᠠᠬᠢᠭᠤᠯᠵᠤ᠂ ᠠᠵᠢᠯ ᠣᠯᠭᠤᠯᠲᠠ ᠪᠠ ᠠᠵᠤ ᠦᠢᠯᠡᠰ ᠢ ᠬᠠᠮᠵᠢᠯᠴᠠᠭᠤᠯᠬᠤ᠂ ᠬᠥᠮᠦᠨ ᠤ | ᠬᠦᠴᠦᠨ ᠤ ᠡᠬᠢ ᠪᠠᠶᠠᠯᠢᠭ ᠪᠣᠯᠤᠨ ᠠᠵᠢᠯ ᠤᠨ ᠪᠠᠶᠢᠷᠢ ᠶᠢᠨ ᠬᠡᠷᠡᠭᠴᠡᠭᠡ ᠱᠠᠭᠠᠷᠳᠠᠯᠭ᠎ᠠ ᠲᠠᠢ ᠵᠣᠬᠢᠴᠠᠯᠳᠤᠭᠰᠠᠨ | ᠥᠨᠳᠥᠷ ᠪᠦᠲᠦᠮᠵᠢᠲᠡᠢ ᠵᠣᠯᠭᠠᠭᠤᠯᠬᠤ ᠲᠣᠭᠲᠠᠴᠠ ᠶᠢ ᠪᠠᠶᠢᠭᠤᠯᠵᠤ᠂ ᠬᠥᠮᠦᠨ ᠤ ᠬᠦᠴᠦᠨ ᠤ ᠡᠬᠢ ᠪᠠᠶᠠᠯᠢᠭ ᠤᠨ | ᠬᠠᠩᠭᠠᠯᠭ᠎ᠠ ᠬᠡᠷᠡᠭᠴᠡᠭᠡ ᠦᠯᠦ ᠵᠣᠬᠢᠴᠠᠬᠤ ᠪᠦᠲᠦᠴᠡ ᠶᠢᠨ ᠴᠢᠨᠠᠷᠲᠠᠢ ᠠᠵᠢᠯ ᠣᠯᠭᠤᠯᠲᠠ ᠶᠢᠨ ᠵᠥᠷᠢᠴᠡᠯ ᠢ | ᠰᠠᠶᠢᠲᠤᠷ ᠰᠢᠢᠳᠪᠦᠷᠢᠯᠡᠵᠦ᠂ ᠮᠠᠨ ᠤ ᠰᠢᠶᠠᠨ ᠤ ᠠᠵᠤ ᠠᠬᠤᠢ ᠪᠠ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ | ᠠᠬᠢᠭᠤᠯᠬᠤ ᠶᠢᠨ ᠲᠥᠯᠥᠭᠡ ᠶᠤᠮ᠃ | ᠲᠣᠰ ᠤᠳᠠᠭᠠᠨ ᠤ ᠠᠵᠢᠯᠲᠠᠨ ᠡᠯᠰᠡᠬᠦ ᠴᠤᠭᠯᠠᠭᠠᠨ ᠢ ᠰᠦᠯᠵᠢᠶᠡᠨ ᠳᠡᠭᠡᠷ᠎ᠡ ᠪᠠ ᠰᠦᠯᠵᠢᠶᠡᠨ ᠭᠠᠳᠠᠨ᠎ᠠ ᠵᠡᠷᠭᠡᠪᠡᠷ | ᠶᠠᠪᠤᠭᠳᠠᠭᠤᠯᠵᠤ᠂ ᠥᠪᠥᠷ ᠮᠣᠩᠭᠤᠯ ᠤᠨ ᠵᠢᠩ ᠬᠠᠩ ᠲᠧ ᠨᠡᠭᠦᠷᠡᠰᠦᠲᠥ᠋ᠷᠥᠭᠴᠢ ᠶᠢᠨ ᠰᠢᠨᠵᠢᠯᠡᠬᠦ ᠤᠬᠠᠭᠠᠨ | ᠮᠡᠷᠭᠡᠵᠢᠯ ᠤᠨ ᠬᠢᠵᠠᠭᠠᠷᠲᠤ ᠺᠣᠮᠫᠠᠨᠢ᠂ ᠤᠯᠠᠭᠠᠨᠬᠠᠳᠠ ᠶᠢᠨ ᠴᠢᠨ ᠹᠧᠩ ᠬᠡᠢ ᠪᠡᠶᠡᠲᠦ ᠶᠢᠨ ᠬᠢᠵᠠᠭᠠᠷᠲᠤ ᠺᠣᠮᠫᠠᠨᠢ᠂ | ᠥᠪᠥᠷ ᠮᠣᠩᠭᠤᠯ ᠤᠨ ᠯᠢᠦᠶ ᠹᠠ ᠲᠠᠷᠢᠶᠠᠯᠠᠩ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠥᠭᠵᠢᠯᠲᠡ ᠶᠢᠨ ᠬᠢᠵᠠᠭᠠᠷᠲᠤ | ᠺᠣᠮᠫᠠᠨᠢ᠂ ᠬᠠᠶ ᠰᠧᠨ ᠬᠤᠸᠠ ᠴᠥᠩ ︵ᠥᠪᠥᠷ ᠮᠣᠩᠭᠤᠯ︶ ᠶᠢᠨ ᠬᠦᠪᠰᠦᠭᠡᠷ ᠰᠢᠷᠣᠶ ᠶᠢᠨ ᠰᠢᠨᠵᠢᠯᠡᠬᠦ ᠤᠬᠠᠭᠠᠨ | ᠮᠡᠷᠭᠡᠵᠢᠯ ᠤᠨ ᠬᠢᠵᠠᠭᠠᠷᠲᠤ ᠺᠣᠮᠫᠠᠨᠢ᠂ ᠥᠪᠥᠷ ᠮᠣᠩᠭᠤᠯ ᠤᠨ ᠢ ᠫᠢᠨ ᠠᠮᠢᠳᠤ ᠪᠣᠳᠠᠰ ᠤᠨ ᠰᠢᠨᠵᠢᠯᠡᠬᠦ ᠤᠬᠠᠭᠠᠨ | ᠮᠡᠷᠭᠡᠵᠢᠯ ᠤᠨ ᠬᠢᠵᠠᠭᠠᠷᠲᠤ ᠺᠣᠮᠫᠠᠨᠢ ᠵᠡᠷᠭᠡ 112 ᠨᠢᠩᠴᠧᠩ ᠤᠨ ᠠᠵᠤ ᠠᠬᠤᠶᠢᠯᠠᠯ ᠢ ᠤᠷᠢᠵᠤ ᠲᠤᠬᠠᠶ ᠶᠢᠨ | ᠲᠠᠯᠠᠪᠤᠷ ᠤᠨ ᠠᠵᠢᠯᠲᠠᠨ ᠡᠯᠰᠡᠬᠦ ᠬᠤᠷᠠᠯ ᠳᠤ ᠣᠷᠣᠯᠴᠠᠭᠤᠯᠵᠤ᠂ ᠢᠳᠡᠭᠡᠨ᠂ ᠵᠢᠷᠤᠭ ᠲᠥᠯᠥᠪᠯᠡᠭᠡ᠂ ᠬᠢᠮᠢ ᠶᠢᠨ | ᠠᠵᠤ ᠦᠢᠯᠡᠳᠪᠦᠷᠢ᠂ ᠦᠢᠯᠡᠳᠬᠦ ᠦᠢᠯᠡᠰ ᠵᠡᠷᠭᠡ ᠣᠯᠠᠨ ᠬᠦᠷᠢᠶ᠎ᠡ ᠶᠢ ᠬᠠᠮᠤᠷᠴᠤ᠂ ᠨᠢᠭᠲᠠᠯᠠᠨ ᠪᠤᠳᠤᠬᠴᠢ᠂ | ᠪᠣᠷᠣᠯᠠᠭᠤᠯᠤᠬᠴᠢ᠂ ᠶᠠᠰᠤ ᠴᠢᠨᠠᠷ ᠢ ᠪᠠᠶᠢᠴᠠᠭᠠᠭᠴᠢ ᠵᠡᠷᠭᠡ 1210 ᠠᠵᠢᠯ ᠤᠨ ᠪᠠᠶᠢᠷᠢ ᠬᠠᠩᠭᠠᠵᠤ᠂ 450 ᠭᠠᠷᠤᠶ | ᠬᠥᠮᠦᠨ ᠣᠷᠣᠯᠴᠠᠵᠤ᠂ ᠠᠩᠬ᠎ᠠ ᠠᠯᠬᠤᠮ 180 ᠬᠥᠮᠦᠨ ᠰᠠᠨᠠᠮᠵᠢ ᠲᠠᠢ ᠪᠣᠯᠪᠠ᠃ ᠰᠦᠯᠵᠢᠶᠡᠨ ᠳᠡᠭᠡᠷ᠎ᠡ ︽ | ᠨᠢᠩᠴᠧᠩ ᠤᠨ ᠠᠵᠢᠯ ᠣᠯᠭᠤᠯᠲᠠ︾ ᠸᠢᠴᠠᠲ ᠤᠨ ᠸᠢᠳᠢᠣ᠋ ᠨᠣᠮᠧᠷ ᠢᠶᠠᠷ ᠳᠠᠮᠵᠢᠭᠤᠯᠤᠨ ᠰᠢᠭᠤᠳ | ᠨᠡᠪᠲᠡᠷᠡᠭᠦᠯᠭᠡ ᠪᠠᠷ ᠠᠵᠢᠯ ᠤᠨ ᠪᠠᠶᠢᠷᠢ ᠲᠠᠨᠢᠯᠴᠠᠭᠤᠯᠵᠦ᠂ ᠨᠡᠶᠢᠲᠡ 800 ᠭᠠᠷᠤᠶ ᠬᠥᠮᠦᠨ ᠰᠣᠨᠢᠷᠬᠠᠪᠠ᠃ |