ᠨᠢᠩᠴᠧᠩ ᠤᠨ ᠲᠠᠷᠢᠶᠠᠯᠠᠩ ᠬᠤᠳᠠᠯᠳᠤᠭᠠᠨ ᠤ ᠪᠠᠩᠬᠢ ︽ᠮᠥᠩᠭᠦᠨ ᠭᠦᠢᠯᠭᠡᠭᠡᠨ ᠤ ᠰᠤᠷᠭᠠᠨ ᠬᠥᠮᠦᠵᠢᠯ ᠤᠨ ᠤᠬᠠᠭᠤᠯᠭ᠎ᠠ ᠶᠢᠨ ᠰᠠᠷ᠎ᠠ︾ ᠶᠢ ᠲᠥᠪᠯᠡᠷᠡᠭᠦᠯᠦᠨ ᠤᠬᠠᠭᠤᠯᠬᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/9/24
    ᠮᠥᠩᠭᠦᠨ ᠭᠦᠢᠯᠭᠡᠭᠡᠨ ᠤ ᠰᠤᠷᠭᠠᠨ ᠬᠥᠮᠦᠵᠢᠯ ᠤᠨ ᠤᠬᠠᠭᠤᠯᠭ᠎ᠠ ᠶᠢᠨ ᠬᠠᠮᠤᠷᠬᠤ ᠬᠡᠪᠴᠢᠶ᠎ᠡ ᠶᠢ ᠤᠯᠠᠮ ᠨᠢᠭᠡ ᠠᠯᠬᠤᠮ ᠥᠷᠭᠡᠳᠬᠡᠵᠦ᠂ ᠬᠡᠷᠡᠭᠯᠡᠭᠴᠢᠳ ᠤᠨ ᠮᠥᠩᠭᠦᠨ ᠭᠦᠢᠯᠭᠡᠭᠡᠨ ᠤ ᠬᠡᠪ ᠪᠣᠯᠪᠠᠰᠤᠷᠠᠯ ᠪᠠ ᠲᠦᠭᠰᠢᠭᠦᠷᠢ ᠶᠢ ᠰᠡᠷᠭᠡᠶᠢᠯᠡᠬᠦ ᠦᠵᠡᠯ ᠤᠬᠠᠮᠰᠠᠷ ᠢ ᠦᠨᠡᠨ ᠬᠦ ᠳᠡᠭᠡᠭᠰᠢᠯᠡᠭᠦᠯᠬᠦ ᠶᠢᠨ ᠲᠥᠯᠥᠭᠡ᠂ ᠤᠶᠢᠷ᠎ᠠ ᠶᠢᠨ ᠡᠳᠦᠷ᠂ ᠨᠢᠩᠴᠧᠩ ᠤᠨ ᠬᠥᠳᠡᠭᠡ ᠲᠣᠰᠬᠤᠨ ᠤ ᠬᠤᠳᠠᠯᠳᠤᠭᠠᠨ ᠤ ᠪᠠᠩᠬᠢ ᠨᠢᠩᠴᠧᠩ ᠤᠨ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠰᠠᠯᠪᠤᠷᠢ ᠲᠣᠪᠴᠢᠶ᠎ᠠ᠂ ᠨᠢᠩᠴᠧᠩ ᠰᠢᠶᠠᠨ ᠤ ᠡᠳ᠋ ᠤᠨ ᠵᠠᠰᠠᠭ ᠤᠨ ᠲᠣᠪᠴᠢᠶ᠎ᠠ ᠲᠠᠢ ᠬᠠᠮᠲᠤᠷᠠᠨ ᠵᠢᠶᠧ ᠰᠢᠨ ᠴᠡᠴᠡᠷᠯᠢᠭ ᠲᠤ ︽ᠮᠥᠩᠭᠦᠨ ᠭᠦᠢᠯᠭᠡᠭᠡ ᠠᠷᠠᠳ ᠤᠨ ᠲᠥᠯᠥᠭᠡ ᠰᠢᠨ᠎ᠡ ᠬᠠᠭᠤᠳᠠᠰᠤ ᠶᠢ ᠪᠢᠴᠢᠭᠯᠡᠵᠦ᠂ ᠡᠷᠬᠡ ᠠᠰᠢᠭ ᠢ ᠰᠠᠬᠢᠨ ᠬᠠᠮᠠᠭᠠᠯᠠᠵᠤ ᠠᠶᠤᠯ ᠲᠦᠭᠰᠢᠭᠦᠷᠢ ᠶᠢ ᠰᠡᠷᠭᠡᠶᠢᠯᠡᠬᠦ︾ ᠭᠤᠤᠯ ᠰᠡᠳᠦᠪᠲᠦ ᠤᠬᠠᠭᠤᠯᠭ᠎ᠠ ᠶᠢᠨ ᠠᠵᠢᠯᠯᠠᠭ᠎ᠠ ᠶᠢ ᠲᠥᠪᠯᠡᠷᠡᠭᠦᠯᠦᠨ ᠥᠷᠨᠢᠭᠦᠯᠪᠡ᠃    ᠠᠵᠢᠯᠯᠠᠭ᠎ᠠ ᠶᠢᠨ ᠲᠤᠬᠠᠶ ᠶᠢᠨ ᠲᠠᠯᠠᠪᠤᠷ ᠲᠤ᠂ ᠤᠬᠠᠭᠤᠯᠤᠨ ᠲᠠᠶᠢᠯᠪᠤᠷᠢᠯᠠᠬᠤ ᠲᠠᠪᠴᠠᠩ ᠪᠠᠶᠢᠭᠤᠯᠬᠤ᠂ ᠡᠯᠭᠦᠭᠡ ᠪᠢᠴᠢᠭᠡᠰᠦ ᠡᠯᠭᠦᠬᠦ᠂ ᠤᠬᠠᠭᠤᠯᠭ᠎ᠠ ᠶᠢᠨ ᠬᠠᠭᠤᠳᠠᠰᠤ ᠲᠠᠷᠬᠠᠭᠠᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ ᠬᠠᠤᠯᠢ ᠪᠤᠰᠤ ᠪᠠᠷ ᠪᠠᠯᠠ ᠴᠤᠭᠯᠠᠭᠤᠯᠬᠤ᠂ ᠬᠠᠭᠤᠷᠮᠠᠭ ᠠᠷᠠᠳ ᠤᠨ ᠵᠣᠭᠤᠰ ᠤᠨ ᠣᠨᠴᠠᠯᠢᠭ᠂ ᠴᠠᠬᠢᠯᠭᠠᠨ ᠬᠤᠯᠪᠣᠭ᠎ᠠ ᠪᠠᠷ ᠮᠡᠬᠡᠯᠡᠬᠦ ᠵᠡᠷᠭᠡ ᠮᠥᠩᠭᠦᠨ ᠭᠦᠢᠯᠭᠡᠭᠡᠨ ᠤ ᠮᠡᠳᠡᠯᠭᠡ ᠪᠠ ᠴᠠᠬᠢᠯᠭᠠᠨ ᠬᠤᠯᠪᠣᠭ᠎ᠠ ᠪᠠᠷ ᠮᠡᠬᠡᠯᠡᠬᠦ ᠶᠢ ᠰᠡᠷᠭᠡᠶᠢᠯᠡᠬᠦ ᠤᠷ᠎ᠠ ᠮᠡᠷᠭᠡᠵᠢᠯ ᠢ ᠤᠬᠠᠭᠤᠯᠵᠤ᠂ ᠣᠯᠠᠨ ᠨᠡᠶᠢᠲᠡ ᠶᠢ ᠬᠥᠲᠥᠯᠦᠨ ᠵᠢᠯᠣᠭᠤᠳᠴᠤ ᠪᠠᠶᠢᠭᠠᠳ ᠵᠥᠪ ᠪᠠᠯᠠ ᠣᠷᠣᠭᠤᠯᠤᠯᠲᠠ ᠶᠢᠨ ᠣᠶᠢᠯᠠᠭᠠᠭᠳᠠᠬᠤᠨ ᠪᠠ ᠮᠥᠩᠭᠦᠨ ᠭᠦᠢᠯᠭᠡᠭᠡᠨ ᠤ ᠬᠡᠷᠡᠭᠯᠡᠭᠡᠨ ᠤ ᠦᠵᠡᠯᠲᠡ ᠶᠢ ᠪᠣᠶ ᠪᠣᠯᠭᠠᠪᠠ᠃ ᠠᠵᠢᠯᠯᠠᠭ᠎ᠠ ᠶᠢᠨ ᠳᠤᠮᠳᠠ᠂ ᠮᠥᠩᠭᠦᠨ ᠭᠦᠢᠯᠭᠡᠭᠡᠨ ᠤ ᠤᠬᠠᠭᠤᠯᠤᠨ ᠲᠠᠶᠢᠯᠪᠤᠷᠢᠯᠠᠭᠴᠢ ᠨᠡᠶᠢᠭᠡᠮ ᠨᠡᠶᠢᠲᠡ ᠲᠠᠢ ᠰᠠᠨᠠᠯ ᠢᠶᠠᠨ ᠰᠣᠯᠢᠯᠴᠠᠵᠤ᠂ ᠬᠡᠷᠡᠭᠯᠡᠭᠴᠢᠳ ᠤᠨ ᠳᠤᠷᠠᠳᠤᠭᠰᠠᠨ ᠠᠰᠠᠭᠤᠳᠠᠯ ᠳᠤ ᠬᠦᠯᠢᠴᠡᠩᠭᠦᠶ ᠪᠠᠷ ᠬᠠᠷᠢᠭᠤᠯᠲᠠ ᠥᠭᠴᠦ᠂ ᠬᠡᠷᠡᠭᠯᠡᠭᠴᠢᠳ ᠤᠨ ᠮᠥᠩᠭᠦᠨ ᠭᠦᠢᠯᠭᠡᠭᠡᠨ ᠤ ᠮᠡᠳᠡᠯᠭᠡ ᠶᠢᠨ ᠲᠤᠬᠠᠶ ᠣᠶᠢᠯᠠᠭᠠᠯᠲᠠ ᠶᠢ ᠭᠦᠨᠵᠡᠭᠡᠶᠢᠷᠡᠭᠦᠯᠦᠨ᠂ ᠬᠡᠷᠡᠭᠯᠡᠭᠴᠢᠳ ᠤᠨ ᠮᠥᠩᠭᠦᠨ ᠭᠦᠢᠯᠭᠡᠭᠡᠨ ᠤ ᠲᠦᠭᠰᠢᠭᠦᠷᠢ ᠶᠢ ᠰᠡᠷᠭᠡᠶᠢᠯᠡᠬᠦ ᠤᠬᠠᠮᠰᠠᠷ ᠪᠠ ᠮᠡᠬᠡᠯᠡᠯ ᠢ ᠲᠠᠨᠢᠵᠤ ᠮᠡᠬᠡᠯᠡᠬᠦ ᠴᠢᠳᠠᠪᠤᠷᠢ ᠶᠢ ᠪᠦᠲᠦᠮᠵᠢᠲᠡᠶ ᠳᠡᠭᠡᠭᠰᠢᠯᠡᠭᠦᠯᠪᠡ᠃ ᠲᠣᠰ ᠤᠳᠠᠭᠠᠨ ᠤ ᠠᠵᠢᠯᠯᠠᠭ᠎ᠠ ᠳᠤ ᠡᠯ᠎ᠡ ᠲᠥᠷᠥᠯ ᠤᠨ ᠤᠬᠠᠭᠤᠯᠭ᠎ᠠ ᠶᠢᠨ ᠬᠠᠭᠤᠳᠠᠰᠤ ᠶᠢ ᠨᠡᠶᠢᠲᠡ 1500 ᠭᠠᠷᠤᠶ ᠬᠤᠪᠢ ᠲᠠᠷᠬᠠᠭᠠᠵᠤ᠂ ᠣᠯᠠᠨ ᠲᠦᠮᠡᠨ ᠤ ᠠᠰᠠᠭᠤᠨ ᠯᠡᠪᠯᠡᠯᠲᠡ ᠶᠢ 300 ᠭᠠᠷᠤᠶ ᠬᠥᠮᠦᠨ ᠤᠳᠠᠭ᠎ᠠ ᠬᠦᠯᠢᠶᠡᠨ ᠠᠪᠤᠪᠠ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000963号