| ᠤᠯᠤᠰ ᠤᠨ ᠪᠠᠶᠠᠷ ᠤᠨ ᠠᠮᠠᠷᠠᠯᠲᠠ ᠤᠳᠠᠯ ᠦᠭᠡᠢ ᠬᠦᠷᠴᠦ ᠢᠷᠡᠬᠦ ᠲᠠᠰᠢᠷᠠᠮ ᠢᠶᠠᠷ᠂ ᠠᠮᠠᠷᠠᠯᠲᠠ ᠶᠢᠨ | ᠬᠤᠭᠤᠴᠠᠭᠠᠨ ᠳᠤ ᠵᠠᠮ ᠤᠨ ᠰᠠᠭᠠᠳ ᠦᠭᠡᠢ ᠠᠮᠤᠷ ᠲᠦᠪᠰᠢᠨ ᠢ ᠪᠠᠲᠤᠯᠠᠵᠤ᠂ ᠬᠠᠷᠢᠶ᠎ᠠ ᠣᠷᠣᠨ ᠤ ᠰᠠᠶᠢᠨ | ᠰᠠᠶᠢᠬᠠᠨ ᠣᠷᠴᠢᠨ ᠲᠣᠭᠤᠷᠢᠨ ᠢ ᠬᠠᠮᠠᠭᠠᠯᠠᠬᠤ ᠶᠢᠨ ᠲᠥᠯᠥᠭᠡ᠂ ᠤᠶᠢᠷ᠎ᠠ ᠶᠢᠨ᠂ ᠨᠢᠩᠴᠧᠩ ᠰᠢᠶᠠᠨ ᠤ ᠵᠠᠮ | ᠬᠠᠷᠢᠯᠴᠠᠭ᠎ᠠ ᠲᠡᠭᠡᠭᠡᠪᠦᠷᠢ ᠶᠢᠨ ᠶᠡᠷᠦᠩᠬᠡᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠶᠡᠭᠡ ᠠᠩᠭᠢ ᠵᠠᠮ | ᠡᠵᠡᠯᠡᠵᠦ ᠠᠮᠤ ᠪᠤᠳᠠᠭ᠎ᠠ ᠬᠠᠲᠠᠭᠠᠬᠤ ᠠᠵᠢᠯᠯᠠᠭ᠎ᠠ ᠶᠢ ᠴᠡᠭᠴᠡᠯᠡᠨ ᠵᠠᠰᠠᠬᠤ ᠠᠵᠢᠯᠯᠠᠭ᠎ᠠ ᠶᠢ ᠵᠣᠬᠢᠶᠠᠨ ᠪᠠᠶᠢᠭᠤᠯᠤᠨ | ᠥᠷᠨᠢᠭᠦᠯᠵᠦ᠂ ᠵᠠᠮ ᠡᠵᠡᠯᠡᠨ ᠲᠠᠷᠢᠶ᠎ᠠ ᠬᠠᠳᠠᠭᠠᠬᠤ ᠠᠵᠢᠯᠯᠠᠭ᠎ᠠ ᠶᠢ ᠵᠠᠯᠠᠷᠠᠭᠤᠯᠵᠤ᠂ ᠵᠠᠮ ᠬᠠᠷᠢᠯᠴᠠᠭᠠᠨ ᠤ ᠠᠮᠤᠷ | ᠲᠦᠪᠰᠢᠨ ᠤ ᠰᠠᠭᠠᠳ ᠦᠭᠡᠢ ᠨᠡᠪᠲᠡᠷᠡᠬᠦ ᠶᠢ ᠪᠠᠲᠤᠯᠠᠨ᠎ᠠ᠃ ᠴᠡᠭᠴᠡᠯᠡᠨ ᠵᠠᠰᠠᠬᠤ ᠠᠵᠢᠯᠯᠠᠭ᠎ᠠ ᠳᠤᠮᠳᠠ᠂ | ᠨᠢᠩᠴᠧᠩ ᠤᠨ ᠬᠠᠤᠯᠢ ᠬᠡᠷᠡᠭᠵᠢᠭᠦᠯᠬᠦ ᠶᠡᠭᠡ ᠠᠩᠭᠢ ᠰᠢᠶᠠᠨ᠂ ᠰᠢᠶᠠᠩ ᠤᠨ ᠲᠠᠰ ᠤᠨ ᠵᠠᠰᠠᠮᠠᠯ ᠵᠠᠮ ᠤᠨ ᠳᠠᠭᠠᠤ | ᠲᠣᠰᠬᠤᠨ ᠤ ᠵᠠᠮ ᠤᠨ ᠬᠡᠰᠡᠭ ᠲᠤ ᠵᠠᠮ ᠡᠵᠡᠯᠡᠨ ᠠᠮᠤ ᠪᠤᠳᠠᠭ᠎ᠠ ᠬᠠᠲᠠᠭᠠᠬᠤ ᠦᠵᠡᠭᠳᠡᠯ ᠨᠡᠯᠢᠶᠡᠳ ᠲᠣᠪᠤᠶᠢᠮ᠎ᠠ | ᠪᠠᠶᠢᠭ᠎ᠠ ᠭᠤᠤᠯᠳᠠᠯᠭ᠎ᠠ ᠲᠠᠢ ᠵᠠᠮ ᠤᠨ ᠬᠡᠰᠡᠭ᠂ ᠭᠤᠤᠯᠳᠠᠯᠭ᠎ᠠ ᠲᠠᠢ ᠬᠡᠰᠡᠭ ᠢ ᠲᠠᠰᠤᠷᠠᠯᠲᠠ ᠥᠬᠡᠶ ᠲᠣᠭᠤᠷᠢᠨ | ᠪᠠᠶᠢᠴᠠᠭᠠᠵᠤ᠂ ᠬᠥᠳᠡᠯᠦᠩᠭᠦᠶ ᠬᠠᠮᠢᠶᠠᠷᠤᠯᠲᠠ ᠶᠢ ᠪᠣᠳᠠᠲᠠᠶᠢᠵᠢᠭᠤᠯᠵᠤ᠂ ᠵᠠᠮ ᠢ ᠡᠵᠡᠯᠡᠨ ᠠᠮᠤ ᠪᠤᠳᠠᠭ᠎ᠠ ᠬᠠᠲᠠᠭᠠᠬᠤ | ᠠᠵᠢᠯᠯᠠᠭ᠎ᠠ ᠶᠢ ᠴᠠᠭ ᠲᠤᠬᠠᠶ ᠳᠤᠨᠢ ᠬᠤᠷᠢᠭᠯᠠᠨ ᠵᠣᠭᠰᠣᠭᠠᠵᠤ᠂ ᠣᠲᠣ ᠪᠣᠯᠲᠠᠯ᠎ᠠ᠂ ᠵᠠᠮ ᠡᠵᠡᠯᠡᠨ ᠠᠮᠤ ᠪᠤᠳᠠᠭ᠎ᠠ | ᠬᠠᠲᠠᠭᠠᠬᠤ ᠠᠵᠢᠯᠯᠠᠭ᠎ᠠ ᠶᠢ ᠨᠡᠶᠢᠲᠡ 15 ᠤᠳᠠᠭ᠎ᠠ ᠴᠡᠪᠡᠷᠯᠡᠵᠦ᠂ 10 ᠭᠠᠷᠤᠶ ᠬᠡᠷᠡᠭ ᠢ ᠴᠠᠭ ᠲᠤᠬᠠᠶ ᠳᠤᠨᠢ | ᠬᠤᠷᠢᠭᠯᠠᠨ ᠵᠣᠭᠰᠣᠭᠠᠵᠤ᠂ ᠴᠡᠭᠴᠡᠯᠡᠨ ᠵᠠᠰᠠᠬᠤ ᠪᠠᠷ ᠳᠠᠮᠵᠢᠭᠤᠯᠤᠨ ᠠᠮᠤᠷ ᠲᠦᠪᠰᠢᠨ ᠤ ᠳᠠᠯᠳᠠ ᠬᠡᠮ ᠢ ᠠᠷᠢᠯᠭᠠᠵᠤ | ᠂ ᠵᠠᠮ ᠬᠠᠷᠢᠯᠴᠠᠭᠠᠨ ᠤ ᠠᠮᠤᠷ ᠲᠦᠪᠰᠢᠨ ᠢ ᠦᠨᠡᠨ ᠬᠦ ᠪᠠᠲᠤᠯᠠᠪᠠ᠃ ᠲᠠᠷᠠᠭᠠᠴᠢ ᠶᠢᠨ ᠠᠯᠬᠤᠮ ᠳᠤ᠂ ᠨᠢᠩᠴᠧᠩ | ᠰᠢᠶᠠᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠶᠡᠭᠡ | ᠠᠩᠭᠢ ᠵᠠᠮ ᠡᠵᠡᠯᠡᠨ ᠠᠮᠤ ᠪᠤᠳᠠᠭ᠎ᠠ ᠬᠠᠲᠠᠭᠠᠬᠤ ᠠᠵᠢᠯᠯᠠᠭ᠎ᠠ ᠶᠢ ᠴᠡᠭᠴᠡᠯᠡᠨ ᠵᠠᠰᠠᠬᠤ ᠪᠠ ᠤᠬᠠᠭᠤᠯᠤᠨ ᠢᠳᠬᠠᠬᠤ | ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠵᠠᠮ ᠡᠵᠡᠯᠡᠨ ᠠᠮᠤ ᠪᠤᠳᠠᠭ᠎ᠠ ᠬᠠᠲᠠᠭᠠᠬᠤ ᠠᠵᠢᠯᠯᠠᠭ᠎ᠠ ᠶᠢ | ᠡᠷᠲᠡ ᠢᠯᠡᠷᠡᠭᠦᠯᠵᠦ᠂ ᠡᠷᠲᠡ ᠬᠤᠷᠢᠭᠯᠠᠨ ᠵᠣᠭᠰᠣᠭᠠᠵᠤ᠂ ᠡᠷᠲᠡ ᠴᠡᠪᠡᠷᠯᠡᠬᠦ ᠶᠢ ᠦᠨᠡᠨ ᠬᠦ ᠪᠠᠲᠤᠯᠠᠵᠤ᠂ ᠬᠠᠷᠢᠶ᠎ᠠ | ᠣᠷᠣᠨ ᠤ ᠵᠠᠮ ᠤᠨ ᠡᠮᠬᠢ ᠵᠢᠷᠤᠮ᠂ ᠣᠷᠴᠢᠨ ᠠᠬᠤᠶ ᠶᠢᠨ ᠠᠷᠢᠭᠤᠨ ᠴᠡᠪᠡᠷ ᠢ ᠦᠨᠡᠨ ᠬᠦ ᠰᠠᠶᠢᠲᠤᠷ ᠬᠠᠮᠠᠭᠠᠯᠠᠵᠤ᠂ | ᠥᠷᠭᠡᠨ ᠣᠯᠠᠨ ᠲᠦᠮᠡᠨ ᠳᠤ ᠴᠡᠪᠡᠷ ᠲᠡᠭᠰᠢ ᠰᠠᠭᠠᠳ ᠥᠬᠡᠶ ᠠᠮᠤᠷ ᠲᠦᠪᠰᠢᠨ ᠶᠠᠪᠤᠵᠤ ᠰᠠᠭᠤᠬᠤ ᠣᠷᠴᠢᠨ | ᠨᠥᠬᠦᠴᠡᠯ ᠢ ᠪᠣᠶ ᠪᠣᠯᠭᠠᠵᠤ ᠥᠭᠭᠦᠨ᠎ᠡ᠃ |