2024 ᠣᠨ ᠳᠤ ᠨᠢᠩᠴᠧᠩ ᠰᠢᠶᠠᠨ ᠤ ᠡᠶ᠎ᠡ ᠵᠣᠬᠢᠴᠠᠯ ᠲᠠᠢ ᠬᠥᠳᠡᠯᠮᠦᠷᠢ ᠶᠢᠨ ᠬᠠᠷᠢᠴᠠᠭᠠᠨ ᠤ ᠨᠢᠭᠡᠴᠡ ᠶᠢᠨ ᠵᠠᠷᠯᠠᠯ
ᠨᠡᠶᠢᠲᠡᠯᠡᠭᠰᠡᠨ ᠴᠠᠭ᠄
2024/9/26
        ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠨ᠎ᠡ ᠴᠠᠭ ᠦᠶ᠎ᠡ ᠶᠢᠨ ᠡᠶ᠎ᠡ ᠵᠣᠬᠢᠴᠠᠯ ᠲᠠᠢ ᠬᠥᠳᠡᠯᠮᠦᠷᠢ ᠶᠢᠨ ᠬᠠᠷᠢᠴᠠᠭ᠎ᠠ ᠶᠢ ᠡᠭᠦᠳᠦᠨ ᠪᠠᠶᠢᠭᠤᠯᠬᠤ ᠠᠵᠢᠯᠯᠠᠭ᠎ᠠ ᠶᠢ ᠠᠬᠢᠭᠤᠯᠬᠤ ᠬᠡᠷᠡᠭᠵᠢᠭᠦᠯᠬᠦ ᠲᠥᠰᠦᠯ︾ ︵ᠥᠪᠥᠷ ᠬᠥᠮᠥᠨ ᠨᠡᠶᠢᠭᠡᠮ ᠲᠠᠷᠬᠠᠭᠠᠭᠰᠠᠨ ︹2020︺ 56 ᠳ᠋ᠤᠭᠠᠷ ᠲᠣᠭᠠᠲᠤ︶᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠶ᠎ᠡ ᠵᠣᠬᠢᠴᠠᠯ ᠲᠠᠢ ᠬᠥᠳᠡᠯᠮᠦᠷᠢ ᠶᠢᠨ ᠬᠠᠷᠢᠴᠠᠭᠠᠨ ᠤ ᠨᠢᠭᠡᠴᠡ ︵ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ︶ ᠶᠢᠨ ᠬᠠᠮᠢᠶᠠᠷᠤᠯᠲᠠ ᠶᠢᠨ ᠠᠷᠭ᠎ᠠ︾ ︵ᠥᠪᠥᠷ ᠬᠦᠮᠦᠨ ᠨᠡᠶᠢᠭᠡᠮ ᠲᠠᠷᠬᠠᠭᠠᠭᠰᠠᠨ ︹2015︺ 22 ᠳ᠋ᠤᠭᠠᠷ ᠲᠣᠭᠠᠲᠤ︶ ᠤᠨ ᠵᠣᠷᠢᠭ ᠰᠠᠨᠠᠭ᠎ᠠ ᠶᠢ ᠦᠨᠳᠦᠰᠦᠯᠡᠨ᠂ ᠰᠢᠶᠠᠨ ᠤ ᠡᠶ᠎ᠡ ᠵᠣᠬᠢᠴᠠᠯ ᠲᠠᠢ ᠬᠥᠳᠡᠯᠮᠦᠷᠢ ᠶᠢᠨ ᠬᠠᠷᠢᠴᠠᠭ᠎ᠠ ᠶᠢ ᠪᠠᠶᠢᠭᠤᠯᠬᠤ ᠭᠤᠷᠪᠠᠨ ᠲᠠᠯ᠎ᠠ ᠶᠢᠨ ᠦᠨᠡᠯᠡᠨ ᠵᠢᠱᠢᠯᠲᠡ ᠪᠠᠷ ᠳᠡᠮᠵᠢᠨ ᠂ ᠥᠪᠥᠷ ᠮᠣᠩᠭᠤᠯ ᠤᠨ ᠵᠢᠩ ᠬᠠᠩ ᠣᠨᠴᠠ ᠨᠡᠭᠦᠷᠡᠰᠦᠲᠥ᠋ᠷᠥᠭᠴᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ᠂ ᠤᠯᠠᠭᠠᠨᠬᠠᠳᠠ ᠶᠢᠨ ᠬᠤᠸᠠ ᠾᠧᠩ ᠾᠧ ᠴᠧᠩ ᠠᠮᠢᠳᠤ ᠪᠣᠳᠠᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠶᠢ 2024 ᠣᠨ ᠤ ᠨᠢᠩᠴᠧᠩ ᠰᠢᠶᠠᠨ ᠤ ︽ᠡᠶ᠎ᠡ ᠵᠣᠬᠢᠴᠠᠯ ᠲᠠᠢ ᠬᠥᠳᠡᠯᠮᠦᠷᠢ ᠶᠢᠨ ᠬᠠᠷᠢᠴᠠᠭᠠᠨ ᠤ ᠨᠢᠭᠡᠴᠡ︾ ᠪᠠᠷ ᠮᠠᠭᠠᠳᠯᠠᠨ ᠲᠣᠭᠲᠠᠭᠠᠬᠤ ᠪᠠᠷ ᠲᠥᠯᠥᠪᠯᠡᠵᠦ ᠪᠣᠶ᠃ ᠢᠯᠡ ᠨᠡᠶᠢᠲᠡᠯᠡᠭᠰᠡᠨ ᠡᠳᠦᠷ ᠠᠴᠠ ᠡᠬᠢᠯᠡᠨ 2024 ᠣᠨ ᠤ 10 ᠰᠠᠷ᠎ᠠ ᠶᠢᠨ 9 ᠤ ᠡᠳᠦᠷ ᠪᠣᠯᠲᠠᠯ᠎ᠠ᠂ ᠬᠡᠷᠪᠡ ᠣᠨᠳᠣᠤ ᠰᠠᠨᠠᠯ ᠲᠠᠢ ᠪᠠᠶᠢᠪᠠᠯ᠂ ᠨᠢᠩᠴᠧᠩ ᠰᠢᠶᠠᠨ ᠤ ᠬᠥᠳᠡᠯᠮᠦᠷᠢ ᠶᠢᠨ ᠬᠠᠷᠢᠴᠠᠭ᠎ᠠ ᠶᠢ ᠵᠣᠬᠢᠴᠠᠭᠤᠯᠬᠤ ᠭᠤᠷᠪᠠᠳᠤᠭᠠᠷ ᠡᠳᠡᠭᠡᠳ ᠲᠦ‌‍ᠲ᠋ᠤᠰᠬᠠᠵᠤ ᠪᠣᠯᠤᠨ᠎ᠠ᠃    ᠬᠠᠷᠢᠯᠴᠠᠬᠤ ᠬᠡᠯᠪᠡᠷᠢ᠄    ᠨᠢᠩᠴᠧᠩ ᠰᠢᠶᠠᠨ ᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ᠄ 0476 - 4235897    ᠨᠢᠩᠴᠧᠩ ᠰᠢᠶᠠᠨ ᠤ ᠠᠵᠢᠯᠴᠢᠨ ᠤ ᠶᠡᠷᠦᠩᠬᠡᠶ ᠡᠪᠯᠡᠯ᠄ 0476 - 4265987    ᠨᠢᠩᠴᠧᠩ ᠰᠢᠶᠠᠨ ᠤ ᠦᠢᠯᠡᠳᠪᠦᠷᠢ ᠬᠤᠳᠠᠯᠳᠤᠭᠠᠨ ᠤ ᠬᠤᠯᠪᠣᠭ᠎ᠠ᠄ 0476 - 4233968    ᠨᠢᠩᠴᠧᠩ ᠰᠢᠶᠠᠨ ᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠢᠭᠡᠮ ᠤᠨ ᠪᠠᠲᠤᠯᠠᠭ᠎ᠠ ᠶᠢᠨ ᠲᠣᠪᠴᠢᠶ᠎ᠠ    2024 ᠣᠨ ᠤ 9 ᠰᠠᠷ᠎ᠠ ᠶᠢᠨ 26 ᠤ ᠡᠳᠦᠷ
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000963号