ᠨᠢᠩᠴᠧᠩ ᠰᠢᠶᠠᠨ ᠤ ᠠᠷᠠᠳ ᠤᠨ ᠶᠠᠪᠤᠳᠠᠯ ᠤᠨ ᠲᠣᠪᠴᠢᠶ᠎ᠠ ᠣᠯᠠᠨ ᠵᠦᠢᠯ ᠤᠨ ᠬᠡᠯᠪᠡᠷᠢ ᠪᠠᠷ ᠭᠠᠵᠠᠷ ᠤᠨ ᠨᠡᠷᠡᠶᠢᠳᠦᠯ ᠤᠨ ᠬᠠᠤᠯᠢ ᠲᠦᠭᠡᠮᠡᠯᠵᠢᠭᠦᠯᠬᠦ ᠤᠬᠠᠭᠤᠯᠭ᠎ᠠ  ᠦᠷᠨᠢᠭᠦᠯᠦᠨ᠎ᠡ
ᠨᠡᠶᠢᠲᠡᠯᠡᠭᠰᠡᠨ ᠴᠠᠭ᠄
2024/9/27
    ᠨᠢᠭᠡ ᠳᠤ ᠠᠵᠢᠯ ᠤᠨ ᠸᠢᠴᠠᠲ ᠤᠨ ᠴᠤᠭᠯᠠᠷᠠᠯ᠄ ᠠᠵᠢᠯ ᠤᠨ ᠸᠢᠴᠠᠲ ᠤᠨ ᠴᠠᠬᠢᠮ ᠬᠡᠪᠯᠡᠯ ᠤᠨ ︽ᠭᠠᠵᠠᠷ ᠤᠨ ᠨᠡᠷᠡᠶᠢᠳᠦᠯ ᠤᠨ ᠬᠠᠮᠢᠶᠠᠷᠤᠯᠲᠠ ᠶᠢᠨ ᠲᠦᠷᠢᠮ︾᠂ ︽ᠭᠠᠵᠠᠷ ᠤᠨ ᠨᠡᠷᠡᠶᠢᠳᠦᠯ ᠤᠨ ᠬᠠᠮᠢᠶᠠᠷᠤᠯᠲᠠ ᠶᠢᠨ ᠲᠦᠷᠢᠮ ᠢ ᠬᠡᠷᠡᠭᠵᠢᠭᠦᠯᠬᠦ ᠠᠷᠭ᠎ᠠ︾᠂ ︽ᠵᠠᠰᠠᠭ ᠵᠠᠬᠢᠷᠭᠠᠨ ᠤ ᠣᠷᠣᠨ ᠤ ᠬᠤᠪᠢᠶᠠᠷᠢᠯᠠᠯ ᠤᠨ ᠬᠠᠮᠢᠶᠠᠷᠤᠯᠲᠠ ᠶᠢᠨ ᠲᠦᠷᠢᠮ ᠢ ᠬᠡᠷᠡᠭᠵᠢᠭᠦᠯᠬᠦ ᠠᠷᠭ᠎ᠠ︾᠂ ︽ᠵᠠᠰᠠᠭ ᠵᠠᠬᠢᠷᠭᠠᠨ ᠤ ᠣᠷᠣᠨ ᠤ ᠬᠤᠪᠢᠶᠠᠷᠢᠯᠠᠯ ᠤᠨ ᠬᠠᠮᠢᠶᠠᠷᠤᠯᠲᠠ ᠶᠢᠨ ᠲᠦᠷᠢᠮ︾ ᠤᠨ ᠬᠠᠤᠯᠢ ᠲᠣᠭᠲᠠᠭᠠᠯ ᠵᠢᠴᠢ ᠤᠬᠠᠭᠤᠯᠭ᠎ᠠ ᠶᠢᠨ ᠤᠷᠢᠶ᠎ᠠ ᠵᠡᠷᠭᠡ ᠪᠠᠷ ᠳᠠᠮᠵᠢᠭᠤᠯᠤᠨ᠂ ᠨᠢᠩᠴᠧᠩ ᠰᠢᠶᠠᠨ ᠤ ᠭᠠᠵᠠᠷ ᠤᠨ ᠬᠤᠪᠢᠶᠠᠷᠢᠯᠠᠯ ᠤᠨ ᠠᠵᠢᠯ ᠤᠨ ᠪᠦᠯᠦᠭᠯᠡᠯ ᠪᠠ ᠰᠢᠶᠠᠨ ᠤ ᠰᠢᠭᠤᠳ ᠬᠠᠷᠢᠶ᠎ᠠ ᠬᠠᠮᠢᠶ᠎ᠠ ᠪᠥᠬᠦᠶ ᠨᠢᠭᠡᠴᠢ ᠶᠢᠨ ᠠᠵᠢᠯ ᠤᠨ ᠣᠯᠠᠨ ᠲᠦᠮᠡᠨ ᠤ ᠳᠤᠮᠳᠠ ᠤᠬᠠᠭᠤᠯᠭ᠎ᠠ ᠬᠢᠵᠦ᠂ ᠡᠶᠢᠮᠦᠷᠬᠦ ᠠᠷᠭ᠎ᠠ ᠮᠠᠶ᠋ᠢᠭ ᠨᠢ ᠲᠦᠷᠭᠡᠨ᠂ ᠳᠥᠭᠦᠮ ᠳᠥᠲᠡ ᠪᠠᠷ ᠮᠡᠳᠡᠭᠡ ᠵᠠᠩᠭᠢ ᠶᠢ ᠬᠠᠮᠢᠶ᠎ᠠ ᠪᠥᠬᠦᠶ ᠠᠵᠢᠯᠲᠠᠨ ᠳᠤ ᠳᠠᠮᠵᠢᠭᠤᠯᠵᠤ᠂ ᠲᠡᠳᠡᠨ ᠤ ᠭᠠᠵᠠᠷ ᠤᠨ ᠨᠡᠷᠡᠶᠢᠳᠦᠯ ᠤᠨ ᠬᠠᠮᠢᠶᠠᠷᠤᠯᠲᠠ ᠶᠢᠨ ᠬᠠᠤᠯᠢ ᠲᠣᠭᠲᠠᠭᠠᠯ ᠤᠨ ᠲᠤᠬᠠᠶ ᠲᠠᠨᠢᠯᠲᠠ ᠶᠢ ᠳᠡᠭᠡᠭᠰᠢᠯᠡᠭᠦᠯᠪᠡ᠃    ᠬᠤᠶᠠᠷ ᠲᠤ᠂ ᠸᠢᠳᠢᠣ᠋ ᠵᠢᠴᠢ ᠲᠤᠬᠠᠶ ᠶᠢᠨ ᠲᠠᠯᠠᠪᠤᠷ ᠲᠤ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠰᠤᠷᠤᠯᠴᠠᠯᠭ᠎ᠠ ᠶᠢ ᠵᠣᠬᠢᠶᠠᠨ ᠪᠠᠶᠢᠭᠤᠯᠬᠤ᠄ ᠣᠷᠣᠨ ᠤ ᠬᠤᠪᠢᠶᠠᠷᠢᠯᠠᠯ ᠭᠠᠵᠠᠷ ᠤᠨ ᠨᠡᠷᠡᠶᠢᠳᠦᠯ ᠤᠨ ᠠᠵᠢᠯᠲᠠᠳ ᠪᠥᠬᠦ ᠤᠯᠤᠰ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠶᠠᠪᠤᠳᠠᠯ ᠤᠨ ᠰᠢᠰᠲ᠋ᠧᠮ ᠤᠨ ᠵᠣᠬᠢᠶᠠᠨ ᠪᠠᠶᠢᠭᠤᠯᠤᠭᠰᠠᠨ ︽ᠭᠠᠵᠠᠷ ᠤᠨ ᠨᠡᠷᠡᠶᠢᠳᠦᠯ ᠤᠨ ᠬᠠᠮᠢᠶᠠᠷᠤᠯᠲᠠ ᠶᠢᠨ ᠲᠦᠷᠢᠮ︾ ᠤᠨ ᠸᠢᠳᠢᠣ᠋ ᠬᠤᠷᠠᠯ ᠳᠤ ᠢᠳᠡᠪᠬᠢᠲᠡᠶ ᠣᠷᠣᠯᠴᠠᠵᠤ᠂ ᠬᠠᠮᠢᠶ᠎ᠠ ᠪᠥᠬᠦᠶ ᠤᠳᠤᠷᠢᠳᠤᠯᠭ᠎ᠠ ᠶᠢᠨ ᠶᠠᠷᠢᠶᠠᠨ ᠤ ᠵᠣᠷᠢᠭ ᠰᠠᠨᠠᠭ᠎ᠠ ᠶᠢ ᠰᠤᠷᠤᠯᠴᠠᠪᠠ᠃ ᠲᠤᠬᠠᠶ ᠶᠢᠨ ᠲᠠᠯᠠᠪᠤᠷ ᠲᠤ ︽ᠵᠠᠰᠠᠭ ᠵᠠᠬᠢᠷᠭᠠᠨ ᠤ ᠣᠷᠣᠨ ᠤ ᠵᠠᠭᠠᠭ ᠱᠤᠭᠤᠮ ᠤᠨ ᠬᠠᠮᠢᠶᠠᠷᠤᠯᠲᠠ ᠶᠢᠨ ᠲᠦᠷᠢᠮ︾ ᠤᠨ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠲᠠᠶᠢᠯᠤᠮᠵᠢ ᠶᠢᠨ ᠪᠣᠯᠪᠠᠰᠤᠷᠠᠭᠤᠯᠤᠯ ᠤᠨ ᠠᠩᠭᠢ ᠶᠢ ᠵᠣᠬᠢᠶᠠᠨ ᠪᠠᠶᠢᠭᠤᠯᠵᠤ᠂ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠤᠬᠠᠭᠤᠯᠭ᠎ᠠ ᠳᠠᠬᠢᠨ ᠰᠤᠷᠤᠯᠴᠠᠪᠠ᠃    ᠭᠤᠷᠪᠠ ᠳᠤ᠂ ᠰᠦᠯᠵᠢᠶ᠎ᠡ ᠪᠠᠷ ᠨᠡᠶᠢᠲᠡᠯᠡᠨ ᠤᠬᠠᠭᠤᠯᠬᠤ᠄ ᠠᠷᠠᠳ ᠤᠨ ᠶᠠᠪᠤᠳᠠᠯ ᠤᠨ ᠲᠣᠪᠴᠢᠶ᠎ᠠ ᠰᠦᠯᠵᠢᠶ᠎ᠡ ᠪᠠᠷ ᠳᠠᠮᠵᠢᠭᠤᠯᠤᠨ ᠰᠢᠨ᠎ᠡ ᠪᠠᠷ ᠵᠠᠰᠠᠪᠤᠷᠢ ᠣᠷᠣᠭᠤᠯᠤᠭᠰᠠᠨ ︽ᠭᠠᠵᠠᠷ ᠤᠨ ᠨᠡᠷᠡᠶᠢᠳᠦᠯ ᠤᠨ ᠬᠠᠮᠢᠶᠠᠷᠤᠯᠲᠠ ᠶᠢᠨ ᠲᠦᠷᠢᠮ︾᠂ ︽ᠭᠠᠵᠠᠷ ᠤᠨ ᠨᠡᠷᠡᠶᠢᠳᠦᠯ ᠤᠨ ᠬᠠᠮᠢᠶᠠᠷᠤᠯᠲᠠ ᠶᠢᠨ ᠲᠦᠷᠢᠮ ᠢ ᠬᠡᠷᠡᠭᠵᠢᠭᠦᠯᠬᠦ ᠠᠷᠭ᠎ᠠ︾᠂ ︽ᠵᠠᠰᠠᠭ ᠵᠠᠬᠢᠷᠭᠠᠨ ᠤ ᠣᠷᠣᠨ ᠤ ᠬᠤᠪᠢᠶᠠᠷᠢᠯᠠᠯ ᠤᠨ ᠬᠠᠮᠢᠶᠠᠷᠤᠯᠲᠠ ᠶᠢᠨ ᠲᠦᠷᠢᠮ ᠢ ᠬᠡᠷᠡᠭᠵᠢᠭᠦᠯᠬᠦ ᠠᠷᠭ᠎ᠠ︾᠂ ︽ᠵᠠᠰᠠᠭ ᠵᠠᠬᠢᠷᠭᠠᠨ ᠤ ᠣᠷᠣᠨ ᠤ ᠬᠤᠪᠢᠶᠠᠷᠢᠯᠠᠯ ᠤᠨ ᠬᠠᠮᠢᠶᠠᠷᠤᠯᠲᠠ ᠶᠢᠨ ᠲᠦᠷᠢᠮ︾ ᠢ ᠢᠯᠡ ᠪᠠᠷ ᠤᠬᠠᠭᠤᠯᠵᠤ᠂ ᠨᠥᠯᠥᠭᠡᠯᠡᠬᠦ ᠬᠡᠪᠴᠢᠶ᠎ᠡ ᠶᠢ ᠥᠷᠭᠡᠳᠬᠡᠨ᠂ ᠰᠠᠶᠢᠨ ᠰᠠᠶᠢᠬᠠᠨ ᠤᠬᠠᠭᠤᠯᠭ᠎ᠠ ᠶᠢᠨ ᠠᠭᠤᠷ ᠠᠮᠢᠰᠬᠤᠯ ᠢ ᠪᠣᠶ ᠪᠣᠯᠭᠠᠵᠤ᠂ ᠠᠮᠤᠷ ᠠᠮᠤᠭᠤᠯᠠᠩ ᠵᠠᠭᠠᠭ ᠬᠢᠵᠠᠭᠠᠷ ᠤᠨ ᠪᠠᠶᠢᠭᠤᠯᠤᠯᠲᠠ ᠶᠢ ᠴᠢᠩᠭᠠᠳᠬᠠᠬᠤ᠂ ᠭᠠᠵᠠᠷ ᠤᠨ ᠨᠡᠷᠡᠶᠢᠳᠦᠯ ᠤᠨ ᠬᠠᠮᠢᠶᠠᠷᠤᠯᠲᠠ ᠶᠢ ᠵᠢᠷᠤᠮᠵᠢᠭᠤᠯᠬᠤ᠂ ᠭᠠᠵᠠᠷ ᠤᠨ ᠨᠡᠷᠡᠶᠢᠳᠦᠯ ᠤᠨ ᠬᠠᠮᠢᠶᠠᠷᠤᠯᠲᠠ ᠶᠢᠨ ᠴᠢᠳᠠᠪᠤᠷᠢ ᠪᠠ ᠣᠯᠠᠨ ᠨᠡᠶᠢᠲᠡ ᠶᠢᠨ ᠣᠷᠣᠯᠴᠠᠯᠭ᠎ᠠ ᠶᠢ ᠳᠡᠭᠡᠭᠰᠢᠯᠡᠭᠦᠯᠬᠦ ᠳᠤ ᠰᠠᠭᠤᠷᠢ ᠲᠠᠯᠪᠢᠨ᠎ᠠ᠃    ᠳᠥᠷᠪᠡ ᠳᠤ ᠰᠦᠯᠵᠢᠶᠡᠨ ᠭᠠᠳᠠᠨᠠᠬᠢ ᠤᠬᠠᠭᠤᠯᠭ᠎ᠠ᠄ ᠤᠬᠠᠭᠤᠯᠭ᠎ᠠ ᠶᠢᠨ ᠡᠯᠭᠦᠭᠡ ᠪᠢᠴᠢᠭᠡᠰᠦ ᠡᠯᠭᠦᠬᠦ᠂ ᠤᠬᠠᠭᠤᠯᠭ᠎ᠠ ᠶᠢᠨ ᠬᠠᠭᠤᠳᠠᠰᠤ ᠲᠠᠷᠬᠠᠭᠠᠬᠤ᠂ ᠵᠠᠷᠯᠠᠯ ᠨᠠᠭᠠᠬᠤ ᠵᠡᠷᠭᠡ ᠬᠡᠯᠪᠡᠷᠢ ᠪᠠᠷ ᠳᠠᠮᠵᠢᠭᠤᠯᠤᠨ᠂ ᠵᠠᠰᠠᠭ ᠵᠠᠬᠢᠷᠭᠠᠨ ᠤ ᠣᠷᠣᠨ ᠬᠤᠪᠢᠶᠠᠷᠢᠯᠠᠯ ᠪᠠ ᠭᠠᠵᠠᠷ ᠤᠨ ᠨᠡᠷ᠎ᠡ ᠵᠢᠴᠢ ᠭᠠᠵᠠᠷ ᠤᠨ ᠨᠡᠷ᠎ᠡ ᠶᠢᠨ ᠲᠡᠮᠳᠡᠭ ᠤᠨ ᠲᠤᠬᠠᠢ ᠣᠯᠠᠨ ᠲᠦᠮᠡᠨ ᠤ ᠲᠠᠨᠢᠯᠲᠠ ᠶᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠰᠠᠭᠤᠭᠠᠯᠢ ᠠᠷᠠᠳ ᠢ ᠬᠥᠲᠥᠯᠥᠨ ᠵᠢᠯᠤᠭᠤᠳᠴᠤ ᠪᠠᠶᠢᠭᠠᠳ ᠵᠠᠰᠠᠭ ᠵᠠᠬᠢᠷᠭᠠᠨ ᠤ ᠣᠷᠣᠨ ᠬᠤᠪᠢᠶᠠᠷᠢᠯᠠᠯ ᠪᠠ ᠭᠠᠵᠠᠷ ᠤᠨ ᠨᠡᠷ᠎ᠡ ᠵᠢᠴᠢ ᠭᠠᠵᠠᠷ ᠤᠨ ᠨᠡᠷ᠎ᠡ ᠶᠢᠨ ᠲᠡᠮᠳᠡᠭ ᠢ ᠵᠢᠷᠤᠮᠵᠢᠭᠤᠯᠤᠨ ᠬᠠᠮᠢᠶᠠᠷᠬᠤ ᠠᠵᠢᠯ ᠤᠨ ᠴᠢᠬᠤᠯᠠ ᠴᠢᠨᠠᠷ ᠵᠢᠴᠢ ᠵᠠᠶᠢᠯᠠᠰᠢ ᠦᠭᠡᠢ ᠴᠢᠨᠠᠷ ᠢ ᠤᠯᠠᠮ ᠨᠢᠭᠡ ᠠᠯᠬᠤᠮ ᠤᠶᠢᠯᠠᠭᠠᠭᠤᠯᠤᠨ᠎ᠠ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000963号