| ᠢᠯᠴᠢ ᠬᠠᠩᠭᠠᠬᠤ ᠠᠵᠤ ᠠᠬᠤᠶᠢᠯᠠᠯ ᠤᠨ ᠠᠮᠤᠷ ᠲᠦᠪᠰᠢᠨ ᠤ ᠰᠡᠷᠭᠡᠶᠢᠯᠡᠨ ᠬᠠᠮᠠᠭᠠᠯᠠᠯᠲᠠ ᠳᠤ ᠬᠡᠷᠡᠭᠯᠡᠬᠦ | ᠳᠠᠷᠤᠴᠠ ᠶᠢᠨ ᠬᠡᠮᠵᠢᠶ᠎ᠡ ᠶᠢᠨ ᠬᠡᠮᠵᠢᠭᠳᠡᠯ ᠤᠨ ᠣᠨᠣᠪᠴᠢᠲᠠᠶ ᠪᠠᠶᠢᠬᠤ ᠶᠢ ᠦᠨᠡᠨ ᠬᠦ ᠪᠠᠲᠤᠯᠠᠵᠤ᠂ ᠠᠷᠠᠳ ᠣᠯᠠᠨ ᠤ | ᠳᠤᠯᠠᠭᠠᠨ ᠪᠦᠯᠢᠶᠡᠨ ᠡᠪᠦᠯᠵᠢᠬᠦ ᠶᠢ ᠪᠠᠲᠤᠯᠠᠬᠤ ᠶᠢᠨ ᠲᠥᠯᠥᠭᠡ᠂ ᠣᠶᠢᠷ᠎ᠠ ᠳᠤ᠂ ᠰᠢᠶᠠᠨ ᠤ ᠵᠠᠬ᠎ᠠ ᠳᠡᠯᠭᠡᠭᠦᠷ ᠤᠨ | ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠢᠯᠴᠢ ᠬᠠᠩᠭᠠᠬᠤ ᠠᠵᠤ ᠠᠬᠤᠶᠢᠯᠠᠯ ᠤᠨ ᠳᠠᠷᠤᠯᠲᠠ ᠶᠢᠨ ᠬᠡᠮᠵᠢᠭᠦᠷ ᠢ | ᠲᠥᠪᠯᠡᠷᠡᠭᠦᠯᠦᠨ ᠠᠯᠪᠠᠳᠠᠯᠭ᠎ᠠ ᠪᠠᠷ ᠪᠠᠶᠢᠴᠠᠭᠠᠨ ᠲᠣᠭᠲᠠᠭᠠᠬᠤ ᠠᠵᠢᠯ ᠢ ᠥᠷᠨᠢᠭᠦᠯᠪᠡ᠃ | ᠰᠢᠯᠭᠠᠨ ᠲᠣᠭᠲᠠᠭᠠᠬᠤ ᠶᠠᠪᠤᠴᠠ ᠳᠤ᠂ ᠰᠢᠯᠭᠠᠨ ᠲᠣᠭᠲᠠᠭᠠᠬᠤ ᠠᠵᠢᠯᠲᠠᠨ ︽JJG52 - 2013 ᠣᠨ ᠤ | ᠬᠠᠷᠢᠮᠠᠬᠠᠢ ᠲᠣᠨᠤᠭ ᠮᠠᠶ᠋ᠢᠭ ᠤᠨ ᠡᠩ ᠤᠨ ᠳᠠᠷᠤᠯᠲᠠ ᠶᠢᠨ ᠬᠡᠮᠵᠢᠭᠦᠷ᠂ ᠳᠠᠷᠤᠯᠲᠠ ᠶᠢᠨ ᠬᠤᠭᠤᠰᠣᠨ ᠤ ᠬᠡᠮᠵᠢᠭᠦᠷ ᠪᠠ | ᠬᠤᠭᠤᠰᠣᠨ ᠤ ᠬᠡᠮᠵᠢᠭᠦᠷ ᠢ ᠰᠢᠯᠭᠠᠨ ᠲᠣᠭᠲᠠᠭᠠᠬᠤ ᠲᠦᠷᠢᠮ︾ ᠵᠢᠴᠢ ᠬᠤᠯᠪᠣᠭᠳᠠᠯ ᠪᠦᠬᠦᠢ ᠬᠠᠤᠯᠢ ᠴᠠᠭᠠᠵᠠ᠂ | ᠬᠠᠤᠯᠢ ᠲᠣᠭᠲᠠᠭᠠᠯ ᠤᠨ ᠱᠠᠭᠠᠷᠳᠠᠯᠭ᠎ᠠ ᠶᠢ ᠴᠢᠩᠭ᠎ᠠ ᠵᠢᠷᠤᠮᠯᠠᠨ᠂ ᠳᠠᠷᠤᠯᠲᠠ ᠶᠢᠨ ᠬᠡᠮᠵᠢᠭᠦᠷ ᠤᠨ ᠭᠠᠳᠠᠷ ᠪᠠᠢᠳᠠᠯ᠂ | ᠦᠵᠡᠭᠦᠯᠬᠦ ᠬᠡᠮᠵᠢᠭᠳᠡᠯ ᠤᠨ ᠵᠥᠷᠢᠶ᠎ᠡ᠂ ᠪᠤᠴᠠᠯᠲᠠ ᠶᠢᠨ ᠵᠥᠷᠢᠶ᠎ᠡ᠂ ᠣᠷᠣᠨ ᠪᠠᠶᠢᠷᠢ ᠶᠢᠨ ᠵᠥᠷᠢᠶ᠎ᠡ ᠵᠢᠴᠢ | ᠵᠢᠭᠠᠯᠲᠠ ᠶᠢᠨ ᠵᠡᠭᠦᠦ ᠶᠢᠨ ᠬᠡᠯᠪᠠᠶᠢᠬᠦ ᠲᠣᠭᠲᠠᠭᠤᠨ ᠴᠢᠨᠠᠷ ᠵᠡᠷᠭᠡ ᠳᠠᠷᠤᠯᠲᠠ ᠶᠢᠨ ᠬᠦᠴᠦᠨ ᠤ ᠬᠡᠮᠵᠢᠭᠦᠷ ᠤᠨ | ᠴᠢᠳᠠᠮᠵᠢ ᠶᠢ ᠨᠥᠯᠥᠭᠡᠯᠡᠬᠦ ᠬᠦᠴᠦᠨ ᠵᠦᠢᠯ ᠢ ᠴᠢᠩᠭ᠎ᠠ ᠰᠢᠯᠭᠠᠨ ᠲᠣᠭᠲᠠᠭᠠᠵᠤ᠂ ᠰᠢᠯᠭᠠᠨ ᠲᠣᠭᠲᠠᠭᠠᠬᠤ ᠳᠤ ᠬᠢᠷᠢ | ᠲᠡᠩᠴᠡᠭᠰᠡᠨ ᠱᠣᠰᠢᠭ᠎ᠠ ᠨᠠᠭᠠᠵᠤ᠂ ᠬᠢᠷᠢ ᠲᠡᠩᠴᠡᠭᠰᠡᠨ ᠲᠡᠮᠳᠡᠭ ᠨᠠᠭᠠᠵᠤ᠂ ᠬᠡᠮᠵᠢᠶ᠎ᠡ ᠠᠴᠠ ᠬᠡᠲᠦᠷᠡᠭᠰᠡᠨ ᠪᠤᠶᠤ | ᠡᠪᠳᠡᠷᠡᠵᠦ ᠰᠦᠢᠳᠦᠭᠰᠡᠨ ᠪᠠᠶᠢᠳᠠᠯ ᠳᠤ ᠰᠡᠯᠪᠢᠨ ᠵᠠᠰᠠᠵᠤ ᠳᠡᠶᠢᠯᠬᠦ ᠦᠭᠡᠢ ᠳᠠᠷᠤᠯᠲᠠ ᠶᠢᠨ ᠬᠡᠮᠵᠢᠭᠦᠷ ᠢ ᠴᠥᠮ | ᠬᠡᠷᠡᠭᠯᠡᠬᠦ ᠶᠢ ᠵᠣᠭᠰᠣᠭᠠᠵᠤ᠂ ᠬᠢᠷᠢ ᠲᠡᠩᠴᠡᠬᠦ ᠦᠭᠡᠢ ᠳᠠᠷᠤᠯᠲᠠ ᠶᠢᠨ ᠬᠡᠮᠵᠢᠭᠦᠷ ᠢ ᠬᠡᠷᠩᠯᠡᠬᠦ ᠶᠢ ᠴᠢᠩᠭ᠎ᠠ | ᠬᠤᠷᠢᠭᠯᠠᠪᠠ᠃ ᠡᠭᠦᠨ ᠤ ᠬᠠᠮᠲᠤ᠂ ᠪᠠᠶᠢᠴᠠᠭᠠᠨ ᠲᠣᠭᠲᠠᠭᠠᠬᠤ ᠠᠵᠢᠯᠲᠠᠨ ᠢᠯᠴᠢ ᠬᠠᠩᠭᠠᠬᠤ ᠠᠵᠤ ᠠᠬᠤᠶᠢᠯᠠᠯ ᠤᠨ | ᠬᠠᠮᠢᠶ᠎ᠠ ᠪᠥᠬᠦᠶ ᠬᠥᠮᠦᠰ ᠲᠤ ᠳᠠᠷᠤᠯᠲᠠ ᠶᠢᠨ ᠬᠡᠮᠵᠢᠭᠦᠷ ᠢ ᠤᠭᠰᠠᠷᠠᠬᠤ᠂ ᠪᠠᠶᠢᠴᠠᠭᠠᠨ ᠲᠣᠭᠲᠠᠭᠠᠬᠤ ᠦᠶᠡᠯᠡᠯ ᠤᠨ | ᠬᠤᠭᠤᠴᠠᠭ᠎ᠠ᠂ ᠬᠡᠷᠡᠭᠯᠡᠬᠦ ᠪᠠ ᠰᠡᠯᠪᠢᠨ ᠵᠠᠰᠠᠬᠤ ᠵᠡᠷᠭᠡ ᠠᠮᠤᠷ ᠲᠦᠪᠰᠢᠨ ᠤ ᠬᠠᠮᠠᠭᠠᠯᠠᠯᠲᠠ ᠶᠢᠨ ᠭᠤᠭᠴᠤᠭ᠎ᠠ ᠶᠢᠨ | ᠠᠩᠬᠠᠷᠬᠤ ᠵᠤᠶᠢᠯᠰ ᠢ ᠬᠦᠯᠢᠴᠡᠩᠭᠦᠶ ᠪᠠᠷ ᠲᠠᠶᠢᠯᠪᠤᠷᠢᠯᠠᠨ ᠥᠭᠴᠦ᠂ ᠬᠡᠷᠡᠭᠯᠡᠬᠦ ᠨᠢᠭᠡᠴᠡ ᠶᠢ ᠠᠮᠤᠷ ᠲᠦᠪᠰᠢᠨ ᠤ | ᠬᠥᠪᠴᠢ ᠪᠠᠨ ᠴᠢᠩᠭᠠᠯᠠᠵᠤ᠂ ᠠᠮᠤᠷ ᠲᠦᠪᠰᠢᠨ ᠤ ᠦᠵᠡᠯ ᠤᠬᠠᠮᠰᠠᠷ ᠤᠨ ᠰᠡᠷᠭᠡᠶᠢᠯᠡᠯᠲᠡ ᠶᠢᠨ ᠱᠤᠭᠤᠮ ᠢ | ᠪᠠᠬᠢᠵᠢᠭᠦᠯᠵᠦ᠂ ᠡᠪᠦᠯ ᠤᠨ ᠤᠯᠠᠷᠢᠯ ᠤᠨ ᠢᠯᠴᠢ ᠬᠠᠩᠭᠠᠬᠤ ᠲᠥᠬᠦᠭᠡᠷᠦᠮᠵᠢ ᠶᠢᠨ ᠬᠡᠪ ᠤᠨ ᠠᠮᠤᠷ ᠲᠦᠪᠰᠢᠨ ᠢᠶᠠᠷ | ᠠᠵᠢᠯᠯᠠᠬᠤ ᠶᠢ ᠪᠠᠲᠤᠯᠠᠬᠤ ᠬᠡᠷᠡᠭᠲᠡᠶ ᠭᠡᠵᠦ ᠱᠠᠭᠠᠷᠳᠠᠪᠠ᠃ ᠣᠲᠣ ᠪᠣᠯᠲᠠᠯ᠎ᠠ᠂ ᠨᠡᠶᠢᠲᠡ 300 ᠬᠡᠰᠡᠭ | ᠠᠯᠪᠠᠳᠠᠯᠭ᠎ᠠ ᠪᠠᠷ ᠰᠢᠯᠭᠠᠨ ᠲᠣᠭᠲᠠᠭᠠᠬᠤ ᠳᠠᠷᠤᠯᠲᠠ ᠶᠢᠨ ᠬᠡᠮᠵᠢᠭᠦᠷ ᠢ ᠰᠢᠯᠭᠠᠨ ᠲᠣᠭᠲᠠᠭᠠᠵᠤ᠂ ᠰᠢᠯᠭᠠᠨ | ᠲᠣᠭᠲᠠᠭᠠᠭᠰᠠᠨ ᠬᠢᠷᠢ ᠲᠡᠩᠴᠡᠭᠰᠡᠨ ᠨᠣᠷᠮ᠎ᠠ ᠨᠢ 100% ᠬᠦᠷᠪᠡ᠃ | | | | | | | | | | | ᠁ |