| ᠨᠢᠭᠡ ᠳᠤ᠂ ᠨᠠᠮ ᠤᠨ ᠪᠠᠶᠢᠭᠤᠯᠤᠯᠲᠠ ᠪᠠᠷ ᠬᠦᠳᠦᠯᠦᠨ ᠳᠠᠭᠠᠭᠤᠯᠬᠤ ᠶᠢ ᠴᠢᠩᠭᠠᠳᠬᠠᠵᠤ᠂ ᠦᠨᠳᠦᠰᠦᠨ | ᠱᠠᠲᠤᠨ ᠤ ᠵᠠᠰᠠᠯᠲᠠ ᠶᠢᠨ ᠰᠠᠭᠤᠷᠢ ᠶᠢ ᠪᠠᠬᠢᠵᠢᠭᠦᠯᠦᠨ᠎ᠡ᠃ ᠦᠨᠳᠦᠰᠦᠨ ᠱᠠᠲᠤᠨ ᠤ ᠨᠠᠮ ᠤᠨ ᠵᠣᠬᠢᠶᠠᠨ | ᠪᠠᠶᠢᠭᠤᠯᠤᠯᠲᠠ ᠶᠢᠨ ᠲᠠᠶᠢᠴᠢᠨ ᠪᠠᠬᠢᠯᠡᠯᠲᠡ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠨᠠᠮ ᠤᠨ ᠭᠡᠰᠢᠭᠦᠨ ᠺᠠᠳ᠋ᠷ | ᠲᠦᠷᠦᠭᠦᠯᠡᠨ ᠭᠠᠴᠠᠭ᠎ᠠ ᠳᠤᠭᠤᠶᠢᠯᠠᠩ ᠳᠤ ᠭᠦᠨᠵᠡᠭᠡᠶᠢᠷᠡᠨ ᠤᠯᠠᠨ ᠲᠦᠮᠡᠨ ᠤ ᠬᠦᠰᠡᠯ ᠱᠠᠭᠠᠷᠳᠠᠯᠭ᠎ᠠ ᠶᠢ ᠰᠣᠨᠣᠰᠴᠤ᠂ | ᠪᠣᠳᠠᠲᠠᠢ ᠠᠰᠠᠭᠤᠳᠠᠯ ᠢ ᠰᠢᠢᠳᠪᠦᠷᠢᠯᠡᠪᠡ᠃ ᠨᠠᠮ ᠤᠨ ᠭᠡᠰᠢᠭᠦᠳ ᠰᠠᠶᠢᠨ ᠳᠤᠷ᠎ᠠ ᠶᠢᠨ ᠦᠢᠯᠡᠴᠢᠯᠡᠭᠡ ᠳᠤ | ᠢᠳᠡᠪᠬᠢᠲᠡᠢ ᠣᠷᠣᠯᠴᠠᠵᠤ᠂ ︽ᠰᠡᠳᠬᠢᠯ ᠢ ᠳᠤᠯᠠᠭᠠᠴᠠᠭᠤᠯᠬᠤ ᠡᠮᠴᠢᠯᠡᠭᠡᠨ︾᠂ ︽ᠤᠶᠤᠨᠯᠢᠭ ᠭᠡᠷ ᠤᠨ ᠡᠭᠦᠳᠡ︾᠂ | ︽ᠦᠵᠡᠰᠬᠦᠯᠡᠩᠲᠦ ᠰᠠᠶᠢᠬᠠᠨ ᠭᠡᠷ ᠣᠷᠣᠨ︾ ᠵᠡᠷᠭᠡ ᠠᠵᠢᠯᠯᠠᠭ᠎ᠠ ᠳᠤ ᠬᠤᠰᠢᠭᠤᠴᠢ ᠵᠢᠱᠢᠶᠡᠴᠢ ᠦᠢᠯᠡᠳᠦᠯ ᠢᠶᠠᠨ | ᠪᠠᠳᠠᠷᠠᠭᠤᠯᠪᠠ᠃ | ᠬᠤᠶᠠᠷ ᠲᠤ᠂ ᠵᠠᠰᠠᠯᠲᠠ ᠶᠢᠨ ᠰᠢᠰᠲ᠋ᠧᠮ ᠢ ᠲᠡᠭᠦᠯᠳᠡᠷᠵᠢᠭᠦᠯᠵᠦ᠂ ᠵᠠᠰᠠᠯᠲᠠ ᠶᠢᠨ ᠴᠢᠳᠠᠪᠤᠷᠢ ᠶᠢ ᠳᠡᠭᠡᠭᠰᠢᠯᠡᠭᠦᠯᠦᠨ᠎ᠡ | ᠃ ᠲᠣᠣᠷᠵᠢᠭᠤᠯᠤᠭᠰᠠᠨ ᠬᠠᠮᠢᠶᠠᠷᠤᠯᠲᠠ ᠶᠢᠨ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ ᠪᠦᠬᠦ ᠪᠠᠯᠭᠠᠰᠤ ᠶᠢ | 126 ᠬᠡᠰᠡᠭ ᠪᠣᠯᠭᠠᠨ ᠬᠤᠪᠢᠶᠠᠵᠤ᠂ ᠬᠡᠰᠡᠭ ᠪᠦᠷᠢ ᠳᠤ 1 ᠲᠤᠰᠬᠠᠢ ᠬᠡᠰᠡᠭ ᠬᠠᠮᠢᠶᠠᠷᠤᠬᠴᠢ ᠲᠣᠬᠢᠷᠠᠭᠤᠯᠤᠨ᠎ᠠ᠃ | ᠬᠡᠰᠡᠭ ᠬᠠᠮᠢᠶᠠᠷᠤᠬᠴᠢ ᠲᠣᠰᠬᠤᠨ ᠤ ᠪᠠᠶᠢᠳᠠᠯ ᠠᠷᠠᠳ ᠤᠨ ᠰᠠᠨᠠᠭ᠎ᠠ ᠶᠢ ᠴᠤᠭᠯᠠᠭᠤᠯᠬᠤ᠂ ᠠᠮᠤᠷ ᠲᠦᠪᠰᠢᠨ ᠤ | ᠳᠠᠯᠳᠠ ᠭᠡᠮ ᠢ ᠵᠢᠭᠰᠠᠭᠠᠨ ᠪᠠᠶᠢᠴᠠᠭᠠᠬᠤ᠂ ᠵᠥᠷᠢᠴᠡᠯ ᠵᠢᠭᠤᠷᠠᠯᠳᠤᠭᠠᠨ ᠢ ᠵᠣᠬᠢᠴᠠᠭᠤᠯᠤᠨ ᠰᠢᠢᠳᠪᠦᠷᠢᠯᠡᠬᠦ ᠶᠢ | ᠬᠠᠷᠢᠭᠤᠴᠠᠵᠤ᠂ ᠦᠨᠳᠦᠰᠦᠨ ᠱᠠᠲᠤᠨ ᠤ ᠵᠠᠰᠠᠯᠲᠠ ᠶᠢᠨ ᠨᠠᠷᠢᠯᠢᠭᠵᠢᠯᠲᠠ ᠶᠢ ᠪᠡᠶᠡᠯᠡᠭᠦᠯᠪᠡ᠃ ᠡᠭᠦᠨ ᠤ ᠬᠠᠮᠲᠤ᠂ | ᠨᠡᠶᠢᠭᠡᠮ ᠤᠨ ᠵᠣᠬᠢᠶᠠᠨ ᠪᠠᠶᠢᠭᠤᠯᠤᠯᠲᠠ᠂ ᠠᠵᠤ ᠠᠬᠤᠶᠢᠯᠠᠯ ᠵᠡᠷᠭᠡ ᠡᠯ᠎ᠡ ᠲᠠᠯ᠎ᠠ ᠶᠢᠨ ᠬᠦᠴᠦᠨ ᠯᠦᠭᠡ ᠶᠢᠨ | ᠬᠠᠮᠲᠤᠷᠠᠯᠴᠠᠭ᠎ᠠ ᠪᠠᠨ ᠴᠢᠩᠭᠠᠳᠬᠠᠵᠤ᠂ ᠬᠠᠮᠲᠤ ᠪᠠᠷ ᠪᠠᠶᠢᠭᠤᠯᠵᠤ ᠬᠠᠮᠲᠤ ᠪᠠᠷ ᠵᠠᠰᠠᠵᠤ ᠬᠠᠮᠲᠤ ᠪᠠᠷ ᠡᠳ᠋ᠯᠡᠬᠦ | ᠵᠠᠰᠠᠯᠲᠠ ᠶᠢᠨ ᠪᠠᠶᠢᠷᠢᠰᠢᠯ ᠢ ᠪᠦᠷᠢᠯᠳᠦᠭᠦᠯᠪᠡ᠃ | ᠭᠤᠷᠪᠠ ᠳᠤ᠂ ᠠᠷᠠᠳ ᠤᠨ ᠠᠮᠢᠳᠤᠷᠠᠯ ᠤᠨ ᠪᠠᠲᠤᠯᠠᠭ᠎ᠠ ᠶᠢ ᠴᠢᠬᠤᠯᠠᠴᠢᠯᠠᠵᠤ᠂ ᠤᠯᠠᠨ ᠲᠦᠮᠡᠨ ᠤ ᠠᠵᠠ ᠵᠢᠷᠭᠠᠯ ᠢ | ᠨᠡᠮᠡᠭᠳᠡᠭᠦᠯᠪᠡ᠃ ᠡᠮᠴᠢᠯᠡᠭᠡ᠂ ᠨᠠᠰᠤᠵᠢᠯ ᠤᠨ ᠠᠰᠠᠷᠠᠮᠵᠢ ᠵᠡᠷᠭᠡ ᠠᠷᠠᠳ ᠤᠨ ᠠᠮᠢᠳᠤᠷᠠᠯ ᠤᠨ ᠬᠦᠷᠢᠶᠡᠨ ᠳᠠᠬᠢ | ᠣᠷᠣᠭᠤᠯᠤᠯᠲᠠ ᠶᠢ ᠨᠡᠮᠡᠭᠳᠡᠭᠦᠯᠵᠦ᠂ ᠰᠠᠭᠤᠷᠢ ᠪᠡᠯᠡᠳᠬᠡᠮᠵᠢ ᠶᠢᠨ ᠪᠠᠶᠢᠭᠤᠯᠤᠯᠲᠠ ᠶᠢ ᠲᠠᠰᠤᠷᠠᠯᠲᠠ ᠥᠬᠡᠶ | ᠲᠡᠭᠦᠯᠳᠡᠷᠵᠢᠭᠦᠯᠦᠨ᠎ᠡ᠃ ᠠᠵᠢᠯ ᠣᠯᠭᠤᠬᠤ ᠪᠣᠯᠪᠠᠰᠤᠷᠠᠭᠤᠯᠤᠯ ᠪᠣᠯᠤᠨ ᠠᠳᠠᠯ ᠦᠢᠯᠡᠰ ᠪᠣᠰᠬᠠᠬᠤ ᠶᠢ ᠲᠡᠳᠬᠦᠬᠦ | ᠶᠠᠪᠤᠳᠠᠯ ᠢ ᠢᠳᠡᠪᠬᠢᠲᠡᠶ ᠥᠷᠨᠢᠭᠦᠯᠵᠦ᠂ ᠲᠣᠰᠬᠤᠨ ᠤ ᠠᠷᠠᠳ ᠤᠨ ᠣᠷᠣᠯᠭ᠎ᠠ ᠶᠢᠨ ᠬᠢᠷᠢ ᠬᠡᠮᠵᠢᠶ᠎ᠡ ᠶᠢ | ᠳᠡᠭᠡᠭᠰᠢᠯᠡᠬᠦᠯᠦᠨ᠎ᠡ᠃ ᠡᠭᠦᠨ ᠠᠴᠠ ᠭᠠᠳᠠᠨ᠎ᠠ᠂ ᠪᠠᠰᠠ ᠡᠯᠪᠡᠭ ᠪᠠᠶᠠᠯᠢᠭ ᠠᠭᠤᠯᠭ᠎ᠠ ᠲᠠᠢ ᠰᠣᠶᠣᠯ ᠤᠨ | ᠠᠵᠢᠯᠯᠠᠭ᠎ᠠ ᠶᠢ ᠵᠣᠬᠢᠶᠠᠨ ᠪᠠᠶᠢᠭᠤᠯᠵᠤ᠂ ᠤᠯᠠᠨ ᠲᠦᠮᠡᠨ ᠤ ᠤᠶᠤᠨ ᠤ ᠰᠣᠶᠣᠯ ᠤᠨ ᠠᠮᠢᠳᠤᠷᠠᠯ ᠢ ᠪᠠᠶᠠᠯᠢᠭᠵᠢᠭᠤᠯᠵᠤ | ᠂ ᠤᠯᠠᠨ ᠲᠦᠮᠡᠨ ᠤ ᠬᠦᠷᠲᠡᠮᠵᠢ ᠶᠢᠨ ᠲᠦᠷᠦᠭᠳᠡᠯ᠂ ᠵᠣᠯ ᠵᠢᠷᠭᠠᠯᠲᠤ ᠲᠦᠷᠦᠭᠳᠡᠯ ᠪᠣᠯᠤᠨ ᠠᠮᠤᠷ ᠲᠦᠪᠰᠢᠨ ᠤ | ᠲᠦᠷᠦᠭᠳᠡᠯ ᠢ ᠨᠡᠮᠡᠭᠳᠡᠭᠦᠯᠵᠡᠢ᠃ | ᠲᠦᠷᠪᠡ ᠳᠤ ᠬᠠᠤᠯᠢ ᠪᠠᠷ ᠵᠠᠰᠠᠬᠤ ᠪᠠᠶᠢᠭᠤᠯᠤᠯᠲᠠ ᠶᠢ ᠴᠢᠩᠭᠠᠳᠬᠠᠵᠤ᠂ ᠨᠡᠶᠢᠭᠡᠮ ᠤᠨ ᠲᠣᠭᠲᠠᠭᠤᠨ ᠪᠠᠶᠢᠳᠠᠯ ᠢ | ᠬᠠᠮᠠᠭᠠᠯᠠᠨ᠎ᠠ᠃ ᠬᠠᠤᠯᠢ ᠪᠠᠷ ᠵᠠᠰᠠᠬᠤ ᠤᠬᠠᠭᠤᠯᠭ᠎ᠠ ᠬᠥᠮᠦᠵᠢᠯ ᠤᠨ ᠠᠵᠢᠯᠯᠠᠭ᠎ᠠ ᠶᠢ ᠥᠷᠨᠢᠭᠦᠯᠬᠦ ᠪᠠᠷ ᠳᠠᠮᠵᠢᠭᠤᠯᠤᠨ᠂ | ᠣᠯᠠᠨ ᠲᠦᠮᠡᠨ ᠤ ᠬᠠᠤᠯᠢ ᠴᠠᠭᠠᠵᠠ ᠶᠢᠨ ᠦᠵᠡᠯ ᠤᠬᠠᠮᠰᠠᠷ ᠪᠠ ᠬᠠᠤᠯᠢ ᠪᠠᠷ ᠵᠠᠰᠠᠬᠤ ᠦᠵᠡᠯᠲᠡ ᠶᠢ | ᠳᠡᠭᠡᠭᠰᠢᠯᠡᠭᠦᠯᠪᠡ᠃ ᠵᠥᠷᠢᠴᠡᠯ ᠵᠢᠭᠤᠷᠠᠯᠳᠤᠭᠠᠨ ᠢ ᠣᠯᠠᠨ ᠡᠰᠢᠵᠢᠭᠦᠯᠦᠨ ᠰᠢᠢᠳᠪᠦᠷᠢᠯᠡᠬᠦ ᠲᠣᠭᠲᠠᠴᠠ ᠶᠢ ᠪᠠᠶᠢᠭᠤᠯᠵᠤ | ᠂ ᠬᠠᠤᠯᠢ ᠴᠠᠭᠠᠵᠠ᠂ ᠳᠣᠲᠣᠭᠠᠳᠤ ᠶᠢ ᠬᠠᠮᠠᠭᠠᠯᠠᠬᠤ᠂ ᠵᠠᠬᠢᠳᠠᠯ ᠰᠤᠷᠪᠤᠯᠵᠢᠯᠠᠭ᠎ᠠ ᠵᠡᠷᠭᠡ ᠰᠠᠯᠠᠭ᠎ᠠ ᠮᠥᠴᠢᠷ ᠤᠨ ᠡᠬᠢ | ᠪᠠᠶᠠᠯᠢᠭ ᠢ ᠡᠮᠬᠢᠯᠡᠨ ᠨᠡᠶᠢᠯᠡᠭᠦᠯᠵᠦ᠂ ᠡᠯ᠎ᠡ ᠲᠥᠷᠥᠯ ᠤᠨ ᠵᠥᠷᠢᠴᠡᠯ ᠵᠢᠭᠤᠷᠠᠯᠳᠤᠭᠠᠨ ᠢ ᠴᠠᠭ ᠲᠤᠬᠠᠶ ᠳᠤᠨᠢ | ᠠᠷᠢᠯᠭᠠᠪᠠ᠃ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠳᠤ ᠴᠣᠬᠢᠯᠲᠠ ᠥᠭᠬᠦ ᠡᠷᠴᠢᠮ ᠢᠶᠠᠨ | ᠴᠢᠩᠭᠠᠷᠠᠭᠤᠯᠵᠤ᠂ ᠦᠨᠳᠦᠰᠦᠨ ᠱᠠᠲᠤᠨ ᠤ ᠵᠠᠰᠠᠯᠲᠠ ᠳᠤ ᠬᠠᠤᠯᠢ ᠪᠠᠷ ᠵᠠᠰᠠᠬᠤ ᠰᠠᠶᠢᠨ ᠰᠠᠶᠢᠬᠠᠨ ᠣᠷᠴᠢᠨ | ᠨᠥᠬᠦᠴᠡᠯ ᠢ ᠪᠤᠢ ᠪᠣᠯᠭᠠᠵᠤ ᠥᠭᠪᠡ᠃ ᠡᠨᠡ ᠵᠢᠯ ᠠᠴᠠ ᠨᠠᠰᠢ᠂ ᠡᠯ᠎ᠡ ᠲᠥᠷᠥᠯ ᠤᠨ ᠵᠥᠷᠢᠴᠡᠯ ᠵᠢᠭᠤᠷᠠᠯᠳᠤᠭᠠᠨ ᠢ | ᠨᠡᠶᠢᠲᠡ 30 ᠭᠠᠷᠤᠶ ᠰᠢᠢᠳᠪᠦᠷᠢᠯᠡᠪᠡ᠃ |