| ᠨᠢᠩᠴᠧᠩ ᠰᠢᠶᠠᠨ ᠤᠯᠠᠨ ᠲᠦᠮᠡᠨ ᠤ ᠬᠠᠮᠤᠭ ᠠᠴᠠ ᠠᠩᠬᠠᠷᠴᠤ ᠪᠠᠶᠢᠭ᠎ᠠ᠂ ᠬᠠᠮᠤᠭ ᠤᠨ ᠰᠢᠭᠤᠳ ᠰᠤᠷᠭᠠᠨ | ᠬᠥᠮᠦᠵᠢᠯ ᠤᠨ ᠮᠠᠷᠭᠡᠵᠢᠯ ᠤᠨ ᠴᠣᠯᠠ ᠳᠤᠲᠠᠭᠳᠠᠵᠤ ᠪᠠᠶᠢᠭ᠎ᠠ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ | ᠤᠷᠢᠳ ᠬᠤᠵᠢᠳ ᠪᠠᠷᠤᠭ 4 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠵᠤ᠂ ᠮᠠᠷᠭᠡᠵᠢᠯ ᠤᠨ ᠴᠣᠯᠠ ᠶᠢᠨ | ᠬᠠᠩᠭᠠᠯᠭ᠎ᠠ ᠶᠢ ᠲᠠᠰᠤᠷᠠᠯᠲᠠ ᠦᠭᠡᠢ ᠨᠡᠮᠡᠭᠳᠡᠭᠦᠯᠵᠦ᠂ ᠳᠤᠮᠳᠠᠳᠤ ᠪᠠᠭ᠎ᠠ ᠰᠤᠷᠭᠠᠭᠤᠯᠢ᠂ ᠬᠡᠦᠬᠡᠳ ᠤᠨ ᠴᠡᠴᠡᠷᠯᠢᠭ ᠢ | ᠰᠢᠨ᠎ᠡ ᠪᠠᠷ ᠪᠠᠶᠢᠭᠤᠯᠬᠤ᠂ ᠥᠭᠡᠷᠡᠴᠢᠯᠡᠵᠦ ᠥᠷᠭᠡᠳᠬᠡᠨ ᠪᠠᠶᠢᠭᠤᠯᠬᠤ ᠲᠦᠷᠦᠯ ᠵᠦᠢᠯ ᠢ ᠲᠦᠷᠭᠡᠳᠬᠡᠨ ᠠᠬᠢᠭᠤᠯᠪᠠ᠃ | ᠴᠢᠨᠠᠷ ᠰᠠᠶᠢᠲᠠᠶ ᠰᠤᠷᠭᠠᠨ ᠬᠥᠮᠦᠵᠢᠯ ᠤᠨ ᠡᠬᠢ ᠪᠠᠶᠠᠯᠢᠭ ᠤᠨ ᠬᠡᠷᠡᠭᠴᠡᠭᠡ ᠡᠳᠦᠷ ᠢᠷᠡᠬᠦᠶ᠎ᠡ ᠨᠡᠮᠡᠭᠳᠡᠵᠦ ᠪᠠᠶᠢᠭ᠎ᠠ | ᠪᠠᠶᠢᠳᠠᠯ ᠳᠤ ᠴᠢᠭᠯᠡᠭᠦᠯᠦᠨ᠂ ᠪᠦᠯᠦᠭᠵᠢᠭᠦᠯᠦᠨ ᠰᠤᠷᠭᠠᠭᠤᠯᠢ ᠡᠷᠭᠢᠯᠡᠬᠦ ᠪᠠ ᠬᠤᠲᠠ ᠬᠥᠳᠡᠭᠡ ᠶᠢᠨ ᠬᠠᠮᠲᠤ ᠶᠢᠨ | ᠴᠣᠭᠴᠠ ᠶᠢᠨ ᠪᠠᠶᠢᠭᠤᠯᠤᠯᠲᠠ ᠶᠢ ᠶᠡᠬᠡᠪᠡᠷ ᠠᠬᠢᠭᠤᠯᠵᠤ᠂ ᠰᠤᠷᠭᠠᠨ ᠬᠥᠮᠦᠵᠢᠯ ᠤᠨ ᠬᠠᠮᠢᠶᠠᠷᠤᠯᠲᠠ ᠶᠢ ᠨᠢᠭᠡ | ᠴᠣᠭᠴᠠᠵᠢᠭᠤᠯᠬᠤ᠂ ᠪᠠᠭᠰᠢ ᠶᠢᠨ ᠬᠥᠭᠵᠢᠯᠲᠡ ᠶᠢ ᠨᠢᠭᠡ ᠴᠣᠭᠴᠠᠵᠢᠭᠤᠯᠬᠤ᠂ ᠵᠢᠭᠠᠨ ᠰᠤᠷᠭᠠᠯᠲᠠ ᠵᠢᠭᠠᠬᠤ ᠶᠢ | ᠰᠤᠳᠤᠯᠬᠤ ᠶᠢ ᠨᠢᠭᠡ ᠴᠣᠭᠴᠠᠵᠢᠭᠤᠯᠬᠤ᠂ ᠬᠢᠨᠠᠨ ᠰᠢᠯᠭᠠᠵᠤ ᠦᠨᠡᠯᠡᠬᠦ ᠶᠢ ᠨᠢᠭᠡ ᠴᠣᠭᠴᠠᠵᠢᠭᠤᠯᠬᠤ᠂ ᠰᠣᠶᠣᠯ ᠤᠨ | ᠪᠠᠶᠢᠭᠤᠯᠤᠯᠲᠠ ᠶᠢ ᠨᠢᠭᠡ ᠴᠣᠭᠴᠠᠵᠢᠭᠤᠯᠬᠤ ᠶᠢ ᠭᠦᠨᠵᠡᠭᠡᠶᠢᠷᠡᠭᠦᠯᠦᠨ ᠠᠬᠢᠭᠤᠯᠵᠤ᠂ ᠵᠠᠯᠠᠭᠤᠴᠤᠳ ᠪᠠᠭᠠᠴᠤᠳ ᠲᠤ | ᠨᠠᠩ ᠰᠠᠶᠢᠨ ᠰᠤᠷᠭᠠᠨ ᠬᠥᠮᠦᠵᠢᠯ ᠬᠦᠷᠲᠡᠭᠡᠬᠦ ᠪᠠᠷ ᠴᠢᠷᠮᠠᠶᠢᠨ᠎ᠠ᠃ ᠡᠨᠡ ᠵᠢᠯ ᠤᠨ ᠨᠠᠮᠤᠷ ᠤᠨ ᠤᠯᠠᠷᠢᠯ ᠤᠨ | ᠰᠤᠷᠤᠯᠭ᠎ᠠ ᠡᠬᠢᠯᠡᠬᠦ ᠪᠣᠯᠲᠠᠯ᠎ᠠ᠂ ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠤᠨ ᠱᠠᠲᠤᠨ ᠳᠤ ᠰᠢᠨ᠎ᠡ ᠪᠠᠷ | ᠪᠠᠶᠢᠭᠤᠯᠤᠬᠰᠠᠨ ᠲᠠᠪᠤᠳᠤᠭᠠᠷ ᠬᠡᠦᠬᠡᠳ ᠤᠨ ᠴᠡᠴᠡᠷᠯᠢᠭ ᠢ ᠨᠢᠭᠡᠨᠲᠡ ᠵᠢᠩᠬᠢᠨᠢ ᠪᠠᠷ ᠠᠰᠢᠭᠯᠠᠯᠲᠠ ᠳᠤ ᠣᠷᠣᠭᠤᠯᠵᠤ᠂ | ᠴᠡᠴᠡᠷᠯᠢᠭ ᠤᠨ ᠪᠠᠶᠢᠷᠢ ᠶᠢ 270 ᠨᠡᠮᠡᠭᠳᠡᠭᠦᠯᠪᠡ᠃ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠱᠠᠲᠤᠨ ᠳᠤ | ᠰᠢᠨ᠎ᠡ ᠪᠠᠷ ᠪᠠᠶᠢᠭᠤᠯᠤᠭᠰᠠᠨ ᠲᠠᠪᠤᠳᠤᠭᠠᠷ ᠪᠠᠭ᠎ᠠ ᠰᠤᠷᠭᠠᠭᠤᠯᠢ᠂ ᠲᠠᠪᠤᠳᠤᠭᠠᠷ ᠳᠤᠮᠳᠠᠳᠤ ᠰᠤᠷᠭᠠᠭᠤᠯᠢ ᠲᠣᠰ | ᠰᠤᠷᠤᠯᠭ᠎ᠠ ᠶᠢᠨ ᠬᠤᠭᠤᠴᠠᠭ᠎ᠠ ᠶᠢ ᠨᠢᠭᠡᠨᠲᠡ ᠵᠢᠩᠬᠢᠨᠢ ᠪᠠᠷ ᠠᠰᠢᠭᠯᠠᠯᠲᠠ ᠳᠤ ᠣᠷᠣᠭᠤᠯᠵᠤ᠂ ᠪᠠᠭ᠎ᠠ ᠰᠤᠷᠭᠠᠭᠤᠯᠢ ᠶᠢᠨ | ᠴᠣᠯᠠ ᠶᠢ 1800 ᠨᠡᠮᠡᠵᠦ᠂ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠶᠢᠨ 1800 ᠰᠢᠨ᠎ᠡ ᠪᠠᠷ ᠨᠡᠮᠡᠭᠳᠡᠭᠦᠯᠪᠡ | ᠃ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠱᠠᠲᠤᠨ ᠳᠤ ᠠᠵᠢᠯ ᠮᠡᠷᠭᠡᠵᠢᠯ ᠤᠨ ᠳᠤᠮᠳᠠᠳᠤ ᠰᠤᠷᠭᠠᠭᠤᠯᠢ᠂ | ᠮᠣᠩᠭᠤᠯ ᠦᠨᠳᠦᠰᠦᠲᠡᠨ ᠤ ᠳᠤᠮᠳᠠᠳᠤ ᠰᠤᠷᠭᠠᠭᠤᠯᠢ ᠶᠢ ᠥᠷᠭᠡᠳᠬᠡᠨ ᠪᠠᠶᠢᠭᠤᠯᠵᠤ᠂ ᠥᠨᠳᠥᠷ ᠵᠡᠷᠭᠡ ᠶᠢᠨ | ᠳᠤᠮᠳᠠᠳᠤ ᠰᠤᠷᠭᠠᠭᠤᠯᠢ ᠶᠢᠨ ᠮᠡᠷᠭᠡᠵᠢᠯ ᠤᠨ ᠴᠣᠯᠠ ᠶᠢ 656 ᠨᠡᠮᠡᠭᠳᠡᠭᠦᠯᠪᠡ᠃ ᠡᠨᠡ ᠬᠦ ᠠᠯᠢ ᠣᠯᠠᠨ ᠬᠦᠴᠦᠲᠡᠶ | ᠠᠷᠭ᠎ᠠ ᠬᠡᠮᠵᠢᠶ᠎ᠡ ᠶᠢᠨ ᠠᠬᠢᠭᠤᠯᠤᠯ ᠳᠣᠣᠷ᠎ᠠ᠂ ᠮᠠᠨ ᠤ ᠰᠢᠶᠠᠨ ᠰᠤᠷᠭᠠᠨ ᠬᠥᠮᠦᠵᠢᠯ ᠤᠨ ᠶᠡᠷᠦᠩᠬᠡᠶᠢᠯᠡᠭᠰᠡᠨ | ᠥᠭᠡᠷᠡᠴᠢᠯᠡᠯᠲᠡ ᠶᠢ ᠭᠦᠨᠵᠡᠭᠡᠶ ᠳᠥᠯᠭᠢᠨ ᠠᠬᠢᠭᠤᠯᠵᠤ᠂ ᠶᠠᠭ ᠪᠠᠲᠤ ᠪᠠᠬᠢ ᠠᠯᠬᠤᠴᠠ ᠪᠠᠷ ᠣᠳᠣᠬᠢᠴᠢᠯᠠᠭᠰᠠᠨ | ᠰᠤᠷᠭᠠᠨ ᠬᠥᠮᠦᠵᠢᠯ ᠤᠨ ᠰᠢᠶᠠᠨ ᠢᠶᠠᠨ ᠬᠦᠴᠦᠷᠬᠡᠭᠵᠢᠭᠦᠯᠬᠦ ᠲᠦᠷᠭᠡᠨ ᠵᠠᠮ ᠳᠤ ᠣᠷᠣᠵᠤ᠂ ᠰᠤᠷᠤᠭᠴᠢ ᠨᠢᠭᠡᠪᠦᠷᠢ ᠶᠢ | ᠴᠢᠨᠠᠷ ᠰᠠᠶᠢᠲᠠᠶ ᠰᠤᠷᠭᠠᠨ ᠬᠥᠮᠦᠵᠢᠯ ᠤᠨ ᠣᠷᠴᠢᠨ ᠲᠣᠭᠤᠷᠢᠨ ᠳᠤ ᠢᠳᠡᠷᠡᠭᠦᠨ ᠢᠶᠠᠷ ᠦᠰᠦᠨ | ᠪᠤᠶᠢᠵᠢᠭᠤᠯᠤᠭᠰᠠᠨ ᠢᠶᠠᠷ ᠪᠠᠷᠠᠬᠤ ᠥᠬᠡᠶ ᠪᠠᠰᠠ ᠮᠠᠨ ᠤ ᠰᠢᠶᠠᠨ ᠤ ᠠᠯᠤᠰ ᠬᠡᠲᠦ ᠶᠢᠨ ᠬᠥᠭᠵᠢᠯᠲᠡ ᠳᠤ ᠪᠠᠲᠤ ᠪᠠᠬᠢ | ᠴᠢᠳᠠᠪᠤᠷᠢᠲᠠᠨ ᠤ ᠰᠠᠭᠤᠷᠢ ᠶᠢ ᠲᠠᠯᠪᠢᠵᠤ ᠥᠭᠪᠡ᠃ |