| ᠰᠤᠷᠭᠠᠭᠤᠯᠢ᠂ ᠬᠡᠤᠬᠡᠳ ᠤᠨ ᠴᠡᠴᠡᠷᠯᠢᠭ᠂ ᠡᠮᠨᠡᠯᠭᠡ ᠶᠢᠨ ᠬᠤᠷᠢᠶ᠎ᠠ᠂ ᠨᠠᠰᠤᠵᠢᠯ ᠤᠨ ᠠᠰᠠᠷᠠᠮᠵᠢ ᠶᠢᠨ | ᠬᠦᠷᠢᠶᠡᠯᠡᠩ᠂ ᠵᠢᠭᠤᠯᠴᠢᠯᠠᠯ ᠤᠨ ᠦᠵᠡᠮᠵᠢ ᠶᠢᠨ ᠣᠷᠣᠨ᠂ ᠠᠵᠤ ᠠᠬᠤᠶᠢᠯᠠᠯ ᠠᠵᠢᠯ ᠦᠢᠯᠡᠰ ᠤᠨ ᠪᠠᠶᠢᠭᠤᠯᠭ᠎ᠠ | ᠨᠢᠭᠡᠴᠡ ᠵᠡᠷᠭᠡ ᠲᠥᠪᠯᠡᠷᠡᠭᠦᠯᠦᠨ ᠬᠤᠭᠤᠯᠠ ᠢᠳᠡᠬᠦ ᠨᠢᠭᠡᠴᠡ ᠶᠢᠨ ᠢᠳᠡᠭᠡᠨ ᠤ ᠠᠮᠤᠷ ᠲᠦᠪᠰᠢᠨ ᠤ | ᠬᠠᠮᠢᠶᠠᠷᠤᠯᠲᠠ ᠶᠢ ᠤᠯᠠᠮ ᠨᠢᠭᠡ ᠠᠯᠬᠤᠮ ᠵᠢᠷᠤᠮᠵᠢᠭᠤᠯᠵᠤ᠂ ᠠᠶᠤᠯ ᠲᠦᠭᠰᠢᠭᠦᠷᠢ ᠶᠢᠨ ᠳᠠᠯᠳᠠ ᠬᠡᠮ ᠢ ᠰᠡᠷᠭᠡᠶᠢᠯᠡᠨ | ᠠᠷᠢᠯᠭᠠᠵᠤ᠂ ᠲᠥᠪᠯᠡᠷᠡᠭᠦᠯᠦᠨ ᠬᠤᠭᠤᠯᠠ ᠢᠳᠡᠬᠦ ᠨᠢᠭᠡᠴᠡ ᠶᠢᠨ ᠢᠳᠡᠭᠡᠨ ᠤ ᠠᠮᠤᠷ ᠲᠦᠪᠰᠢᠨ ᠤ ᠬᠢᠷᠢ ᠲᠦᠪᠰᠢᠨ ᠢ | ᠪᠥᠬᠦ ᠲᠠᠯ᠎ᠠ ᠪᠠᠷ ᠳᠡᠭᠡᠭᠰᠢᠯᠡᠭᠦᠯᠬᠦ ᠶᠢᠨ ᠲᠥᠯᠥᠭᠡ᠂ ᠣᠶᠢᠷ᠎ᠠ ᠳᠤ᠂ ᠰᠢᠶᠠᠨ ᠤ ᠵᠠᠬ᠎ᠠ ᠳᠡᠯᠭᠡᠭᠦᠷ ᠤᠨ ᠬᠢᠨᠠᠯᠲᠠ | ᠬᠠᠮᠢᠶᠠᠷᠤᠯᠲᠠ ᠶᠢᠨ ᠲᠣᠪᠴᠢᠶ᠎ᠠ ᠰᠤᠷᠭᠠᠨ ᠬᠥᠮᠦᠵᠢᠯ ᠤᠨ ᠲᠣᠪᠴᠢᠶ᠎ᠠ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ | ᠵᠥᠪᠯᠡᠯ᠂ ᠠᠷᠠᠳ ᠤᠨ ᠶᠠᠪᠤᠳᠠᠯ ᠤᠨ ᠲᠣᠪᠴᠢᠶ᠎ᠠ᠂ ᠭᠠᠯ ᠤᠨᠲᠠᠷᠠᠭᠠᠬᠤ ᠵᠡᠷᠭᠡ ᠰᠠᠯᠠᠭ᠎ᠠ ᠮᠥᠴᠢᠷ ᠲᠠᠢ ᠬᠠᠮᠲᠤᠷᠠᠨ | ᠲᠥᠪᠯᠡᠷᠡᠭᠦᠯᠦᠨ ᠬᠤᠭᠤᠯᠠ ᠢᠳᠡᠬᠦ ᠨᠢᠭᠡᠴᠡ ᠶᠢᠨ ᠢᠳᠡᠭᠡᠨ ᠤ ᠠᠮᠤᠷ ᠲᠦᠪᠰᠢᠨ ᠤ ᠲᠤᠰᠬᠠᠶ ᠪᠠᠶᠢᠴᠠᠭᠠᠯᠲᠠ | ᠥᠷᠨᠢᠭᠦᠯᠪᠡ᠃ ᠬᠠᠤᠯᠢ ᠬᠡᠷᠡᠭᠵᠢᠭᠦᠯᠬᠦ ᠠᠵᠢᠯᠲᠠᠨ ᠮᠠᠲ᠋ᠧᠷᠢᠶᠠᠯ ᠢ ᠪᠠᠶᠢᠴᠠᠭᠠᠨ ᠦᠵᠡᠬᠦ᠂ ᠲᠤᠬᠠᠶ ᠶᠢᠨ ᠲᠠᠯᠠᠪᠤᠷ ᠲᠤ | ᠪᠠᠶᠢᠴᠠᠭᠠᠯᠲᠠ ᠬᠢᠬᠦ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ ᠤᠷᠢᠳ ᠬᠤᠵᠢᠳ ᠨᠠᠰᠤᠲᠠᠨ ᠢ ᠠᠰᠠᠷᠠᠬᠤ | ᠪᠠᠶᠢᠭᠤᠯᠤᠮᠵᠢ᠂ ᠰᠤᠷᠭᠠᠭᠤᠯᠢ ᠬᠡᠤᠬᠡᠳ ᠤᠨ ᠴᠡᠴᠡᠷᠯᠢᠭ ᠤᠨ ᠬᠤᠭᠤᠯᠠᠨ ᠬᠡᠷ ᠤᠨ ᠭᠤᠤᠯ ᠴᠣᠭᠴᠠ ᠶᠢᠨ | ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠭᠰᠠᠨ᠂ ᠠᠵᠢᠯ ᠡᠷᠭᠢᠯᠡᠭᠰᠡᠳ ᠤᠨ ᠡᠷᠡᠭᠦᠯ ᠮᠡᠨᠳᠦ ᠶᠢᠨ ᠬᠠᠮᠢᠶᠠᠷᠤᠯᠲᠠ᠂ | ᠪᠠᠷᠠᠭ᠎ᠠ ᠣᠷᠣᠭᠤᠯᠬᠤ ᠶᠢ ᠪᠠᠶᠢᠴᠠᠭᠠᠨ ᠰᠢᠯᠭᠠᠬᠤ᠂ ᠡᠳ᠋ᠰᠢᠭᠦᠯᠦᠨ ᠦᠢᠯᠡᠳᠬᠦ᠂ ᠢᠳᠡᠭᠡᠨ ᠤ ᠨᠡᠮᠡᠯᠲᠡ ᠡᠳ᠋ ᠢ | ᠬᠡᠷᠡᠭᠯᠡᠬᠦ᠂ ᠢᠳᠡᠭᠡᠨ ᠤᠮᠳᠠᠭᠠᠨ ᠤ ᠬᠡᠷᠡᠭᠰᠡᠯ ᠢ ᠤᠬᠢᠶᠠᠵᠤ ᠠᠷᠢᠯᠭᠠᠬᠤ᠂ ᠢᠳᠡᠭᠡᠨ ᠤᠮᠳᠠᠭᠠᠨ ᠤ ᠥᠯᠢᠭᠡᠷ ᠡᠳ᠋ | ᠦᠯᠡᠳᠡᠭᠡᠬᠦ᠂ ᠣᠷᠴᠢᠨ ᠲᠣᠭᠤᠷᠢᠨ ᠤ ᠠᠷᠢᠭᠤᠨ ᠴᠡᠪᠡᠷ᠂ ᠢᠳᠡᠭᠡᠨ ᠤᠮᠳᠠᠭᠠᠨ ᠢ ᠪᠦᠷᠢᠯᠭᠡᠨ ᠰᠦᠢᠳᠬᠡᠬᠦ ᠶᠢ | ᠬᠤᠷᠢᠭᠯᠠᠨ ᠵᠣᠭᠰᠣᠭᠠᠭᠰᠠᠨ᠂ ︽ᠢᠨᠲ᠋ᠧᠷ ᠰᠦᠯᠵᠢᠶᠡᠨ ᠤ ᠲᠣᠭᠤᠭᠠᠨ ᠬᠡᠷ︾ ᠤᠨ ᠠᠵᠢᠯᠯᠠᠭᠠᠨ ᠤ ᠪᠠᠶᠢᠳᠠᠯ ᠵᠡᠷᠭᠡ | ᠪᠠᠶᠢᠳᠠᠯ ᠢ ᠪᠠᠶᠢᠴᠠᠭᠠᠪᠠ᠃ ᠡᠭᠦᠨ ᠤ ᠬᠠᠮᠲᠤ᠂ ᠠᠵᠢᠯᠯᠠᠵᠤ ᠪᠠᠶᠢᠭ᠎ᠠ ᠬᠥᠮᠦᠰ ᠲᠤ ᠢᠳᠡᠭᠡᠨ ᠤ ᠠᠮᠤᠷ ᠲᠦᠪᠰᠢᠨ ᠤ | ᠬᠠᠮᠢᠶ᠎ᠠ ᠪᠥᠬᠦᠶ ᠬᠠᠤᠯᠢ ᠴᠠᠭᠠᠵᠠ ᠬᠠᠤᠯᠢ ᠲᠣᠭᠲᠠᠭᠠᠯ ᠢ ᠤᠬᠠᠭᠤᠯᠵᠤ᠂ ᠲᠡᠭᠦᠨ ᠤ ᠢᠳᠡᠭᠡᠨ ᠤ ᠠᠮᠤᠷ ᠲᠦᠪᠰᠢᠨ ᠤ | ᠭᠤᠤᠯ ᠴᠣᠭᠴᠠ ᠶᠢᠨ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠬᠤ ᠶᠢ ᠰᠢᠮᠳᠠᠭᠤᠯᠵᠤ᠂ ᠲᠣᠰ ᠪᠡᠶ᠎ᠡ ᠶᠢᠨ | ᠬᠠᠮᠢᠶᠠᠷᠤᠯᠲᠠ ᠪᠠᠨ ᠴᠢᠩᠭᠠᠳᠬᠠᠨ᠂ ᠢᠳᠡᠭᠡᠨ ᠤ ᠠᠮᠤᠷ ᠲᠦᠪᠰᠢᠨ ᠤ ᠰᠡᠷᠭᠡᠶᠢᠯᠡᠬᠦ ᠠᠷᠭ᠎ᠠ ᠬᠡᠮᠵᠢᠶ᠎ᠡ ᠶᠢ | ᠴᠢᠩᠭᠠᠳᠬᠠᠪᠠ᠃ | ᠣᠲᠣ ᠪᠣᠯᠲᠠᠯ᠎ᠠ᠂ ᠨᠡᠶᠢᠲᠡ 52 ᠬᠠᠮᠢᠶ᠎ᠠ ᠪᠥᠬᠦᠶ ᠡᠵᠡᠩᠨᠡᠯᠲᠡ ᠶᠢᠨ ᠭᠤᠤᠯ ᠴᠣᠭᠴᠠ ᠶᠢ ᠪᠠᠶᠢᠴᠠᠭᠠᠵᠤ᠂ | ᠪᠠᠶᠢᠴᠠᠭᠠᠯᠲᠠ ᠶᠢᠨ ᠳᠤᠮᠳᠠ ᠢᠯᠡᠷᠡᠭᠦᠯᠦᠭᠰᠡᠨ ᠠᠰᠠᠭᠤᠳᠠᠯ ᠳᠤ ᠴᠢᠭᠯᠡᠭᠦᠯᠦᠨ᠂ ᠬᠠᠤᠯᠢ ᠬᠡᠷᠡᠭᠵᠢᠭᠦᠯᠬᠦ ᠠᠵᠢᠯᠲᠠᠨ | ᠲᠡᠭᠦᠨ ᠢ ᠵᠠᠷᠯᠢᠭᠳᠠᠵᠤ ᠪᠠᠶᠢᠭᠠᠳ ᠬᠤᠭᠤᠴᠠᠭ᠎ᠠ ᠲᠣᠭᠲᠠᠭᠠᠨ ᠴᠡᠭᠴᠡᠯᠡᠨ ᠥᠭᠡᠷᠡᠴᠢᠯᠡᠭᠦᠯᠪᠡ᠃ ᠳᠠᠷᠠᠭᠠᠴᠢ ᠶᠢᠨ | ᠠᠯᠬᠤᠮ ᠳᠤ᠂ ᠰᠢᠶᠠᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠰᠠᠯᠠᠭ᠎ᠠ ᠮᠥᠴᠢᠷ ᠤᠨ | ᠬᠤᠯᠪᠣᠭᠠᠯᠠᠨ ᠬᠥᠳᠡᠯᠦᠯᠴᠡᠬᠦ ᠳᠠᠪᠠᠭᠤᠯᠢᠭ ᠢᠶᠠᠨ ᠭᠦᠢᠴᠡᠳ ᠪᠠᠳᠠᠷᠠᠭᠤᠯᠵᠤ᠂ ᠲᠥᠪᠯᠡᠷᠡᠭᠦᠯᠦᠨ ᠬᠤᠭᠤᠯᠠ ᠢᠳᠡᠬᠦ | ᠨᠢᠭᠡᠴᠡ ᠶᠢᠨ ᠢᠳᠡᠭᠡᠨ ᠤ ᠠᠮᠤᠷ ᠲᠦᠪᠰᠢᠨ ᠤ ᠬᠠᠷᠢᠭᠤᠴᠠᠯᠭ᠎ᠠ ᠶᠢ ᠤᠯᠠᠮ ᠨᠢᠭᠡ ᠠᠯᠬᠤᠮ ᠴᠢᠩᠭ᠎ᠠ | ᠪᠣᠳᠠᠲᠠᠶᠢᠵᠢᠭᠤᠯᠵᠤ᠂ ᠢᠳᠡᠭᠡᠨ ᠤ ᠠᠮᠤᠷ ᠲᠦᠪᠰᠢᠨ ᠤ ᠭᠤᠣᠯ ᠴᠣᠭᠴᠠ ᠶᠢᠨ ᠬᠠᠷᠢᠭᠤᠴᠠᠯᠭ᠎ᠠ ᠶᠢᠨ ᠰᠢᠰᠲ᠋ᠧᠮ ᠢ | ᠲᠠᠰᠤᠷᠠᠯᠲᠠ ᠦᠭᠡᠢ ᠲᠡᠭᠦᠯᠳᠡᠷᠵᠢᠭᠦᠯᠵᠦ᠂ ᠲᠥᠪᠯᠡᠷᠡᠭᠦᠯᠦᠨ ᠬᠤᠭᠤᠯᠠ ᠢᠳᠡᠬᠦ ᠨᠢᠭᠡᠴᠡ ᠶᠢᠨ ᠢᠳᠡᠭᠡᠨ ᠤ ᠠᠮᠤᠷ | ᠲᠦᠪᠰᠢᠨ ᠤ ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠢᠳᠡᠭᠡᠨ ᠤ ᠠᠮᠤᠷ ᠲᠦᠪᠰᠢᠨ ᠤ | ᠰᠡᠷᠭᠡᠶᠢᠯᠡᠯᠲᠡ ᠶᠢᠨ ᠱᠤᠭᠤᠮ ᠢ ᠪᠠᠲᠤ ᠪᠠᠬᠢ ᠪᠠᠶᠢᠭᠤᠯᠤᠨ᠎ᠠ᠃ |