ᠤᠷᠤᠨ ᠬᠤᠲᠠ ᠬᠤᠶᠠᠷ ᠱᠠᠲᠤᠨ ᠤ ᠲᠤᠰᠬᠠᠶ ᠮᠡᠷᠭᠡᠵᠢᠯᠲᠡᠨ ᠨᠢᠩᠴᠧᠩ ᠰᠢᠶᠠᠨ ᠳᠤ ᠢᠷᠡᠵᠦ ᠳᠠᠷᠢᠵᠤ ᠲᠡᠵᠢᠭᠡᠬᠦ ᠠᠵᠢᠯ ᠢ ᠪᠠᠶᠢᠴᠠᠭᠠᠨ ᠵᠢᠯᠣᠭᠤᠳᠪᠠ
ᠨᠡᠶᠢᠲᠡᠯᠡᠭᠰᠡᠨ ᠴᠠᠭ᠄
2024/9/5
    ᠣᠶᠢᠷ᠎ᠠ ᠳᠤ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠶ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠤᠪᠴᠢᠶ᠎ᠠ ᠶᠢᠨ ᠮᠡᠷᠭᠡᠵᠢᠯ ᠳᠡᠯᠭᠡᠷᠡᠭᠦᠯᠬᠦ ᠲᠥᠪ ᠤᠨ ᠬᠥᠷᠥᠰᠥ ᠰᠢᠷᠣᠶ ᠶᠢᠨ ᠪᠣᠷᠲᠣᠭᠤᠷ ᠪᠠ ᠤᠰᠤ ᠠᠷᠪᠢᠯᠠᠬᠤ ᠭᠠᠵᠠᠷ᠂ ᠤᠯᠠᠭᠠᠨᠬᠠᠳᠠ ᠬᠤᠲᠠ ᠶᠢᠨ ᠲᠠᠷᠢᠶᠠᠯᠠᠩ ᠮᠠᠯ ᠠᠵᠤ ᠠᠬᠤᠶ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠤᠪᠴᠢᠶ᠎ᠠ ᠶᠢᠨ ᠮᠡᠷᠭᠡᠵᠢᠯ ᠳᠡᠯᠭᠡᠷᠡᠭᠦᠯᠬᠦ ᠲᠥᠪ ᠨᠢᠩᠴᠧᠩ ᠰᠢᠶᠠᠨ ᠳᠤ ᠢᠷᠡᠵᠦ ᠠᠵᠢᠯ ᠪᠠᠶᠢᠴᠠᠭᠠᠨ ᠵᠢᠯᠣᠭᠤᠳᠴᠤ᠂ ᠪᠥᠬᠦ ᠰᠢᠶᠠᠨ ᠤ ᠳᠠᠷᠢᠵᠤ ᠲᠡᠵᠢᠭᠡᠬᠦ ᠠᠵᠢᠯ ᠳᠤ ᠪᠠᠶᠢᠴᠠᠭᠠᠨ ᠰᠤᠳᠤᠯᠤᠯᠲᠠ ᠬᠢᠵᠦ ᠵᠢᠭᠠᠨ ᠵᠢᠯᠣᠭᠤᠳᠪᠠ᠃ ᠪᠠᠶᠢᠴᠠᠭᠠᠨ ᠰᠤᠳᠤᠯᠬᠤ ᠳᠤᠭᠤᠶᠢᠯᠠᠩ ᠤᠷᠢᠳ ᠬᠤᠵᠢᠳ ᠪᠠᠷᠬᠠᠨ ᠪᠠᠯᠭᠠᠰᠤᠨ ᠤ ᠯᠢᠦᠶ ᠼᠤᠤ ᠳ᠋ᠢ ᠲᠡᠵᠢᠭᠡᠨ ᠦᠷᠡᠵᠢᠭᠦᠯᠬᠦ ᠲᠤᠰᠬᠠᠶ ᠬᠤᠷᠰᠢᠶ᠎ᠠ ᠪᠣᠯᠤᠨ ᠳᠡᠭᠡᠷ᠎ᠡ ᠬᠤᠷᠤᠭ᠎ᠠ ᠪᠠᠯᠭᠠᠰᠤᠨ ᠤ ᠲᠦᠮᠡᠨ ᠮᠥ ᠲᠥᠪᠡᠳ ᠬᠠᠰᠢ ᠶᠢᠨ ᠬᠦᠷᠢᠶᠡᠯᠡᠩ ᠲᠣᠭᠤᠷᠢᠭ ᠲᠤ ᠬᠦᠷᠴᠦ ᠲᠤᠬᠠᠶ ᠶᠢᠨ ᠭᠠᠵᠠᠷ ᠲᠤᠨᠢ ᠪᠠᠶᠢᠴᠠᠭᠠᠨ ᠰᠤᠳᠤᠯᠤᠯᠲᠠ ᠬᠢᠪᠠ᠃ ᠯᠢᠦᠢ ᠼᠤᠤ ᠳ᠋ᠢ ᠲᠡᠵᠢᠭᠡᠨ ᠦᠷᠡᠵᠢᠭᠦᠯᠬᠦ ᠲᠤᠰᠬᠠᠢ ᠬᠤᠷᠰᠢᠶ᠎ᠠ ᠶᠢ 2017 ᠣᠨ ᠳᠤ ᠡᠬᠢᠯᠡᠨ ᠪᠠᠶᠢᠭᠤᠯᠵᠤ ᠂ 600 ᠮᠦ ᠭᠠᠵᠠᠷ ᠲᠠᠢ᠂ ᠠᠯᠠᠰᠢᠨ ᠦᠬᠡᠷ ᠲᠡᠵᠢᠭᠡᠨ ᠦᠷᠡᠵᠢᠭᠦᠯᠬᠦ ᠪᠠᠷᠢᠮᠵᠢᠶᠠᠵᠢᠭᠰᠠᠨ ᠫᠧᠩ ᠰᠠᠷᠠᠪᠴᠢ 7 ᠲᠦᠮᠡᠨ ᠲᠡᠭᠰᠢ ᠳᠥᠷᠪᠡᠯᠵᠢᠨ ᠮᠧᠲᠷ᠂ 1 ᠲᠦᠮᠡ ᠭᠠᠷᠤᠢ ᠠᠯᠠᠰᠢᠨ ᠦᠬᠡᠷ ᠲᠡᠵᠢᠭᠡᠵᠦ᠂ ᠬᠤᠷᠰᠢᠶ᠎ᠠ ᠠᠴᠠ ᠣᠳᠣᠬᠢᠴᠢᠯᠠᠭᠰᠠᠨ ᠬᠠᠮᠢᠶᠠᠷᠤᠯᠲᠠ ᠡᠵᠡᠩᠨᠡᠯᠲᠡ ᠶᠢᠨ ᠰᠢᠰᠲ᠋ᠧᠮ ᠢ ᠣᠷᠣᠭᠤᠯᠤᠨ ᠠᠪᠴᠢᠷᠠᠵᠤ᠂ ᠠᠯᠠᠰᠢᠨ ᠦᠬᠡᠷ ᠲᠡᠵᠢᠭᠡᠨ ᠦᠷᠡᠵᠢᠭᠦᠯᠬᠦ ᠶᠢ ᠠᠵᠤ ᠦᠢᠯᠡᠳᠪᠦᠷᠢᠵᠢᠭᠦᠯᠬᠦ᠂ ᠲᠣᠭᠠᠴᠢᠯᠠᠭᠰᠠᠨ ᠴᠠᠭ ᠦᠶ᠎ᠡ ᠳᠤ ᠣᠷᠣᠭᠤᠯᠬᠤ ᠶᠢ ᠬᠥᠲᠥᠯᠥᠨ ᠳᠠᠭᠠᠭᠤᠯᠪᠠ᠃ ᠲᠦᠮᠡᠨ ᠮᠦ ᠲᠥᠪᠡᠳ ᠬᠠᠰᠢ ᠶᠢᠨ ᠬᠦᠷᠢᠶᠡᠯᠡᠩ ᠣᠲᠣ ᠪᠠᠶᠢᠭ᠎ᠠ ᠨᠡᠷᠡᠨ ᠤ ᠭᠡᠷᠡᠯ ᠤᠨ ᠬᠦᠯᠡᠮᠵᠢ 4500 ᠪᠠᠶᠢᠵᠤ᠂ ᠵᠢᠯ ᠳᠤ ᠲᠥᠪᠡᠳ ᠬᠠᠰᠢ 7 ᠲᠦᠮᠡᠨ ᠲᠣᠨ ᠦᠢᠯᠡᠳᠪᠦᠷᠢᠯᠡᠵᠦ᠂ ︽ᠨᠢᠩᠴᠧᠩ ᠤᠨ ᠲᠥᠪᠡᠳ ᠬᠠᠰᠢ︾ ᠶᠢᠨ ᠤᠯᠤᠰ ᠤᠨ ᠭᠠᠵᠠᠷ ᠵᠦᠶ ᠶᠢᠨ ᠪᠡᠯᠭᠡ ᠲᠡᠮᠳᠡᠭ ᠤᠨ ᠭᠡᠷᠡᠴᠢᠯᠡᠯ ᠤᠨ ᠲᠠᠸᠠᠷ ᠤᠨ ᠲᠡᠮᠳᠡᠭ ᠢ ᠨᠢᠭᠡᠨᠲᠡ ᠳᠠᠩᠰᠠᠯᠠᠭᠤᠯᠵᠤ᠂ ᠮᠠᠨ ᠤ ᠰᠢᠶᠠᠨ ᠴᠢᠨᠠᠭᠰᠢᠯᠠᠪᠠᠯ ᠤᠯᠠᠭᠠᠨᠬᠠᠳᠠ ᠣᠷᠣᠨ ᠤ ᠬᠡᠪᠴᠢᠶ᠎ᠡ ᠪᠠᠷ ᠬᠠᠮᠤᠭ ᠤᠨ ᠶᠡᠭᠡ᠂ ᠦᠷ᠎ᠡ ᠠᠰᠢᠭ ᠢᠶᠠᠷ ᠬᠠᠮᠤᠭ ᠤᠨ ᠥᠨᠳᠥᠷ᠂ ᠠᠵᠤ ᠦᠢᠯᠡᠰ ᠤᠨ ᠬᠡᠯᠬᠢᠶ᠎ᠡ ᠪᠠᠷ ᠬᠠᠮᠤᠭ ᠤᠨ ᠪᠦᠷᠢᠨ ᠪᠦᠲᠦᠨ ᠣᠲᠣ ᠦᠶ᠎ᠡ ᠶᠢᠨ ᠪᠡᠯᠡᠳᠭᠡᠮᠵᠢᠳᠤ ᠲᠠᠷᠢᠶᠠᠯᠠᠩ ᠤᠨ ᠠᠵᠤ ᠦᠢᠯᠡᠰ ᠤᠨ ᠬᠦᠷᠢᠶᠡᠯᠡᠩ ᠲᠣᠭᠤᠷᠢᠭ ᠪᠣᠯᠤᠨ᠎ᠠ ᠃ ᠵᠢᠯᠣᠭᠤᠳᠬᠤ ᠳᠤᠭᠤᠶᠢᠯᠠᠩ ᠠᠴᠠ᠂ ᠣᠶᠢᠷ᠎ᠠ ᠶᠢᠨ ᠵᠢᠯ ᠠᠴᠠ᠂ ᠨᠢᠩᠴᠧᠩ ᠰᠢᠶᠠᠨ ᠤ ᠳᠠᠷᠢᠵᠤ ᠲᠡᠵᠢᠭᠡᠬᠦ  ᠦᠢᠯᠡᠰ ᠤᠨ ᠬᠥᠭᠵᠢᠯᠲᠡ ᠪᠥᠬᠦ ᠣᠷᠣᠨ ᠤ ᠠᠩᠬᠠᠷᠤᠯ ᠢ ᠲᠠᠲᠠᠭᠰᠠᠨ ᠠᠮᠵᠢᠯᠲᠠ ᠣᠯᠵᠤ᠂ ᠳᠠᠷᠢᠵᠤ ᠲᠡᠵᠢᠭᠡᠬᠦ ᠲᠣᠮᠣ ᠰᠢᠶᠠᠨ ᠪᠣᠯᠤᠭᠰᠠᠨ ᠤ ᠬᠤᠪᠢ ᠳᠤ᠂ ᠬᠤᠶᠢᠰᠢᠳᠠ ᠶᠢᠨ ᠠᠵᠢᠯ ᠤᠨ ᠳᠤᠮᠳᠠ ᠪᠠᠨ ᠲᠠᠷᠢᠮᠠᠯ ᠤᠨ ᠦᠢᠯᠡᠰ ᠪᠠ ᠲᠡᠵᠢᠭᠡᠨ ᠦᠷᠡᠵᠢᠭᠦᠯᠬᠦ ᠦᠢᠯᠡᠰ ᠢ ᠪᠦᠲᠦᠮᠵᠢᠲᠡᠶ ᠵᠣᠯᠭᠠᠭᠤᠯᠬᠤ ᠶᠢ ᠴᠢᠩᠭᠠᠳᠬᠠᠵᠤ᠂ ᠪᠥᠬᠦ ᠰᠢᠶᠠᠨ ᠤ ᠳᠠᠷᠢᠵᠤ ᠲᠡᠵᠢᠭᠡᠬᠦ ᠠᠵᠢᠯ ᠢ ᠤᠷᠤᠭᠰᠢᠲᠠᠶ ᠠᠬᠢᠭᠤᠯᠬᠤ ᠶᠢ ᠬᠦᠰᠡᠵᠦ ᠪᠠᠶᠢᠨ᠎ᠠ ᠭᠡᠵᠦ ᠴᠢᠬᠤᠯᠠᠴᠢᠯᠠᠪᠠ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000963号