ᠨᠢᠩᠴᠧᠩ ᠰᠢᠶᠠᠨ ᠣᠶᠤᠨᠲᠤ ᠬᠡᠢ ᠲᠣᠬᠢᠷᠠᠭᠤᠯᠬᠤ ᠰᠢᠨ᠎ᠡ ᠰᠣᠷᠭᠤᠭ ᠪᠠᠶᠢᠯᠭᠠᠬᠤ ᠮᠡᠷᠭᠡᠵᠢᠯ ᠢ ᠠᠬᠢᠭᠤᠯᠵᠤ ᠠᠯᠮᠤᠷᠠᠳ ᠤᠨ ᠠᠮᠢᠳᠤ ᠰᠣᠷᠭᠤᠭ ᠪᠠᠶᠢᠬᠤ ᠶᠢ ᠪᠠᠲᠤᠯᠠᠨ᠎ᠠ
ᠨᠡᠶᠢᠲᠡᠯᠡᠭᠰᠡᠨ ᠴᠠᠭ᠄
2024/9/5
  ᠲᠤᠤᠷ᠎ᠠ ᠬᠤᠷᠤᠭ᠎ᠠ ᠪᠠᠯᠭᠠᠰᠤᠨ ᠤ ᠯᠢᠦᠶ ᠹᠠ ᠲᠠᠷᠢᠶᠠᠯᠠᠩ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠥᠭᠵᠢᠯᠲᠡ ᠶᠢᠨ ᠬᠢᠵᠠᠭᠠᠷᠲᠤ ᠺᠣᠮᠫᠠᠨᠢ ᠣᠶᠤᠨᠴᠢᠯᠠᠭᠰᠠᠨ ᠬᠡᠢ ᠲᠣᠬᠢᠷᠠᠭᠤᠯᠬᠤ ᠰᠢᠨ᠎ᠡ ᠰᠣᠷᠭᠤᠭ ᠪᠠᠶᠢᠯᠭᠠᠬᠤ ᠬᠥᠮᠥᠷᠭᠡ ᠶᠢ ᠬᠡᠷᠡᠭᠯᠡᠵᠦ᠂ ᠠᠯᠮᠤᠷᠠᠳ ᠲᠤ ᠰᠠᠶᠢᠨ ᠰᠠᠶᠢᠬᠠᠨ ᠬᠠᠳᠠᠭᠠᠯᠠᠬᠤ ᠣᠷᠴᠢᠨ ᠲᠣᠭᠤᠷᠢᠨ ᠢ ᠡᠭᠦᠳᠴᠦ ᠥᠭᠪᠡ᠃ ᠲᠣᠰ ᠣᠶᠤᠨᠴᠢᠯᠠᠭᠰᠠᠨ ᠬᠡᠢ ᠪᠠᠷ ᠰᠢᠨ᠎ᠡ ᠰᠣᠷᠭᠤᠭ ᠪᠠᠶᠢᠯᠭᠠᠬᠤ ᠬᠥᠮᠥᠷᠭᠡ ᠶᠡᠷᠦᠩᠬᠡᠶ ᠲᠠᠯᠠᠪᠠᠶ ᠨᠢ 2400 ᠲᠡᠭᠰᠢ ᠳᠥᠷᠪᠡᠯᠵᠢᠨ ᠮᠧᠲᠷ ᠪᠠᠶᠢᠵᠤ᠂ ᠬᠠᠳᠠᠭᠠᠯᠠᠯᠲᠠ ᠶᠢᠨ ᠶᠡᠷᠦᠩᠬᠡᠶ ᠪᠠᠭᠲᠠᠭᠠᠮᠵᠢ ᠨᠢ 8400 ᠪᠣᠰᠤᠭ᠎ᠠ ᠳᠥᠷᠪᠡᠯᠵᠢᠨ ᠮᠧᠲᠷ ᠣᠷᠴᠢᠮ ᠪᠠᠶᠢᠵᠤ᠂ ᠳᠠᠭᠠᠭᠠᠴᠠ ᠲᠠᠢ ᠬᠠᠳᠠᠭᠠᠯᠠᠭᠳᠠᠴᠠ ᠨᠢ 360 ᠲᠦᠮᠡᠨ ᠵᠢᠩ ᠠᠴᠠ ᠳᠡᠭᠡᠭᠰᠢ ᠪᠠᠶᠢᠵᠤ᠂ ᠬᠥᠮᠥᠷᠭᠡ ᠶᠢᠨ ᠳᠣᠲᠣᠷᠠᠬᠢ ᠬᠦᠴᠢᠯᠲᠥ᠋ᠷᠥᠭᠴᠢ᠂ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠪᠠ ᠠᠽᠣᠲ ᠬᠡᠢ ᠵᠡᠷᠭᠡ ᠬᠡᠢ ᠪᠡᠶᠡᠲᠦ ᠶᠢᠨ ᠬᠠᠷᠢᠴᠠᠯ ᠢ ᠣᠨᠣᠪᠴᠢᠲᠠᠶ ᠲᠣᠬᠢᠷᠠᠭᠤᠯᠤᠨ ᠡᠵᠡᠮᠳᠡᠬᠦ ᠪᠠᠷ ᠳᠠᠮᠵᠢᠭᠤᠯᠤᠨ ᠂ ᠠᠯᠮᠤᠷᠠᠳ ᠤᠨ ᠠᠮᠢᠰᠬᠤᠯ ᠤᠨ ᠦᠢᠯᠡᠳᠦᠯ ᠢ ᠪᠦᠲᠦᠮᠵᠢᠲᠡᠶ ᠬᠤᠷᠢᠭᠯᠠᠵᠤ᠂ ᠰᠢᠨ᠎ᠡ ᠬᠠᠭᠤᠴᠢᠨ ᠤ ᠰᠣᠯᠢᠯᠴᠠᠭᠠᠨ ᠤ ᠬᠤᠷᠳᠤᠴᠠ ᠶᠢ ᠤᠳᠠᠭᠠᠰᠢᠷᠠᠭᠤᠯᠵᠤ᠂ ᠡᠭᠦᠨ ᠤ ᠤᠯᠠᠮ ᠠᠴᠠ ᠠᠯᠮᠤᠷᠠᠳ ᠤᠨ ᠰᠢᠨ᠎ᠡ ᠰᠣᠷᠭᠤᠭ ᠪᠠᠶᠢᠯᠭᠠᠬᠤ ᠬᠤᠭᠤᠴᠠᠭ᠎ᠠ ᠶᠢ ᠶᠡᠭᠡ ᠪᠠᠷ ᠤᠷᠲᠤᠳᠬᠠᠨ᠎ᠠ᠃ ᠡᠨᠡ ᠨᠢ ᠠᠯᠮᠤᠷᠠᠳ ᠢ ᠤᠷᠲᠤ ᠬᠤᠭᠤᠴᠠᠭ᠎ᠠ ᠪᠠᠷ ᠬᠠᠳᠠᠭᠠᠯᠠᠬᠤ ᠶᠠᠪᠤᠴᠠ ᠳᠤ ᠰᠢᠨ᠎ᠡ ᠰᠣᠷᠭᠤᠭ ᠠᠮᠲᠠ᠂ ᠥᠩᠭᠡ ᠪᠣᠳᠤᠭ ᠰᠠᠶᠢᠬᠠᠨ᠂ ᠰᠢᠮ᠎ᠡ ᠲᠡᠵᠢᠭᠡᠯ ᠡᠯᠪᠡᠭ ᠪᠠᠶᠢᠳᠠᠭ᠃ ᠣᠳᠣᠬᠠᠨ ᠪᠣᠯᠲᠠᠯ᠎ᠠ᠂ ᠲᠤᠰ ᠰᠢᠨ᠎ᠡ ᠰᠣᠷᠭᠤᠭ ᠪᠠᠶᠢᠯᠭᠠᠬᠤ ᠬᠥᠮᠥᠷᠭᠡ ᠳᠤ ᠨᠢᠭᠡᠨᠲᠡ ᠠᠯᠮᠤᠷᠠᠳ᠂ ᠠᠯᠢᠮ᠎ᠠ ᠵᠡᠷᠭᠡ ᠡᠯ᠎ᠡ ᠵᠦᠢᠯ ᠤᠨ ᠵᠢᠮᠢᠰ ᠢ 300 ᠲᠦᠮᠡᠨ ᠵᠢᠩ ᠬᠠᠳᠠᠭᠠᠯᠠᠵᠤ᠂ ᠪᠣᠷᠣᠯᠠᠭᠤᠯᠤᠭᠰᠠᠨ ᠬᠡᠮᠵᠢᠶ᠎ᠡ ᠨᠢ 2300 ᠭᠠᠷᠤᠶ ᠲᠦᠮᠡᠨ ᠲᠥᠭᠦᠷᠢᠭ ᠲᠤ ᠬᠦᠷᠴᠡᠶ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000963号