| ᠤᠶᠢᠷ᠎ᠠ ᠶᠢᠨ ᠡᠳᠦᠷ᠂ ᠨᠢᠩᠴᠧᠩ ᠰᠢᠶᠠᠨ ᠲᠠᠪᠤᠳᠤᠭᠠᠷ ᠳᠤᠮᠳᠠᠳᠤ ᠰᠤᠷᠭᠠᠭᠤᠯᠢ ᠶᠢᠨ ᠫᠠᠶᠢᠰᠠ ᠰᠡᠬᠦᠬᠦ | ᠶᠣᠰᠣᠯᠠᠯ ᠶᠠᠪᠤᠭᠤᠯᠪᠠ᠃ ᠨᠢᠩᠴᠧᠩ ᠰᠢᠶᠠᠨ ᠤ ᠳᠠᠪᠤᠳᠤᠭᠠᠷ ᠳᠤᠮᠳᠠᠳᠤ ᠰᠤᠷᠭᠠᠭᠤᠯᠢ ᠪᠤᠯ ᠨᠢᠩᠴᠧᠩ ᠰᠢᠶᠠᠨ ᠤ | ᠨᠠᠮ ᠤᠨ ᠬᠤᠷᠢᠶ᠎ᠠ ᠵᠠᠰᠠᠭ ᠤᠨ ᠤᠷᠳᠤᠨ ᠤ ᠵᠦᠪᠰᠢᠶᠡᠷᠡᠯ ᠢᠶᠠᠷ ᠨᠢᠩᠴᠧᠩ ᠰᠢᠶᠠᠨ ᠤ ᠰᠤᠷᠭᠠᠨ ᠬᠦᠮᠦᠵᠢᠯ ᠤᠨ | ᠳᠤᠪᠴᠢᠶ᠎ᠠ ᠠᠴᠠ ᠳᠠᠭᠠᠭᠠᠴᠢᠯᠠᠨ ᠡᠷᠬᠢᠯᠡᠭᠰᠡᠨ ᠨᠡᠶᠢᠳᠡ ᠶᠢᠨ ᠠᠰᠠᠷᠠᠮᠵᠢ ᠶᠢᠨ ᠨᠢᠬᠡᠳᠦᠬᠡᠷ ᠳᠦᠷᠦᠯ ᠤᠨ ᠠᠵᠢᠯ | ᠦᠢᠯᠡᠰ ᠤᠨ ᠨᠢᠬᠡᠴᠢ ᠪᠤᠯᠤᠨ᠎ᠡ᠃ ᠳᠤᠰ ᠰᠤᠷᠭᠠᠭᠤᠯᠢ ᠨᠢ ᠨᠢᠩᠴᠧᠩ ᠰᠢᠶᠠᠨ ᠤ ᠲᠢᠶᠠᠨ ᠢ ᠪᠠᠯᠭᠠᠰᠤᠨ ᠤ ᠳᠡᠮᠦᠷ | ᠵᠠᠮ ᠤᠨ ᠬᠤᠶᠢᠳᠤ ᠳᠠᠯ᠎ᠠ ᠳᠠᠬᠢ ᠹᠦ᠋ ᠴᠢᠶᠠᠩ ᠵᠠᠮ ᠤᠨ ᠪᠠᠷᠠᠭᠤᠨ ᠳᠠᠯ᠎ᠠ ᠳᠤ ᠪᠠᠶᠢᠷᠢᠰᠢᠵᠤ ᠪᠤᠢ᠂ ᠤᠤᠯ ᠤᠨ | ᠨᠢᠩᠴᠧᠩ ᠰᠢᠶᠠᠨ ᠤ ᠮᠤᠩᠭᠤᠯ ᠦᠨᠳᠤᠰᠤᠳᠡᠨ ᠤ ᠳᠤᠮᠳᠠᠳᠤ ᠰᠤᠷᠭᠠᠭᠤᠯᠢ ᠶᠢᠨ ᠰᠠᠭᠤᠷᠢᠨ ᠳᠡᠬᠡᠷ᠎ᠡ ᠨᠢᠩᠴᠧᠩ | ᠰᠢᠶᠠᠨ ᠤ ᠵᠠᠰᠠᠭ ᠤᠨ ᠤᠷᠳᠤᠨ 2515 ᠳᠦᠮᠡᠨ ᠳᠦᠬᠦᠷᠢᠭ ᠤᠨ ᠪᠡᠯᠡ ᠤᠷᠤᠭᠤᠯᠵᠦ᠂ ᠦᠬᠡᠷᠡᠴᠢᠯᠡᠨ ᠪᠠᠶᠢᠭᠤᠯᠵᠤ | ᠳᠠᠭᠤᠰᠬᠠᠪᠠ᠃ ᠰᠤᠷᠭᠠᠭᠤᠯᠢ ᠶᠢᠨ ᠬᠦᠷᠢᠶᠡᠨ ᠤ ᠭᠠᠵᠠᠷ 35938.75 ᠲᠡᠭᠰᠢ ᠳᠥᠷᠪᠡᠯᠵᠢᠨ ᠮᠧᠲᠷ ︵53.88 | ᠮᠥ︶᠂ ᠶᠡᠷᠦᠩᠬᠡᠶ ᠪᠠᠷᠢᠯᠭ᠎ᠠ ᠶᠢᠨ ᠲᠠᠯᠠᠪᠠᠶ ᠨᠢ 19597 ᠲᠡᠭᠰᠢ ᠳᠥᠷᠪᠡᠯᠵᠢᠨ ᠮᠧᠲᠷ ᠪᠠᠶᠢᠵᠤ᠂ ᠭᠤᠤᠯᠳᠠᠭᠤ | ᠵᠢᠭᠠᠨ ᠰᠤᠷᠭᠠᠯᠲᠠ ᠶᠢᠨ ᠲᠣᠭᠤᠷᠢᠭ᠂ ᠠᠮᠢᠳᠤᠷᠠᠯ ᠤᠨ ᠲᠣᠭᠤᠷᠢᠭ ᠪᠠ ᠬᠥᠳᠡᠯᠭᠡᠭᠡᠨ ᠤ ᠲᠣᠭᠤᠷᠢᠭ ᠭᠡᠵᠦ | ᠬᠤᠪᠢᠶᠠᠨ᠎ᠠ᠃ ᠡᠭᠦᠨ ᠳᠤ ᠵᠢᠭᠠᠨ ᠰᠤᠷᠭᠠᠯᠲᠠ ᠶᠢᠨ ᠲᠣᠭᠤᠷᠢᠭ ᠲᠤ ᠵᠢᠭᠠᠨ ᠰᠤᠷᠭᠠᠯᠲᠠ ᠶᠢᠨ ᠠᠰᠠᠷ 4270 | ᠲᠡᠭᠰᠢ ᠳᠥᠷᠪᠡᠯᠵᠢᠨ ᠮᠧᠲᠷ᠂ ᠠᠯᠪᠠᠨ ᠠᠰᠠᠷ 3091 ᠲᠡᠭᠰᠢ ᠳᠥᠷᠪᠡᠯᠵᠢᠨ ᠮᠧᠲᠷ᠂ ᠲᠤᠷᠰᠢᠯᠲᠠ ᠶᠢᠨ ᠠᠰᠠᠷ | 2260 ᠲᠡᠭᠰᠢ ᠳᠥᠷᠪᠡᠯᠵᠢᠨ ᠮᠧᠲᠷ᠂ ᠴᠢᠳᠠᠮᠵᠢᠲᠤ ᠬᠥᠮᠥᠷᠭᠡ 446 ᠲᠡᠭᠰᠢ ᠳᠥᠷᠪᠡᠯᠵᠢᠨ ᠮᠧᠲᠷ᠃ | ᠠᠮᠢᠳᠤᠷᠠᠯ ᠤᠨ ᠲᠣᠭᠤᠷᠢᠭ ᠲᠤ ᠪᠠᠶᠢᠷᠢ ᠶᠢᠨ ᠠᠰᠠᠷ 2065 ᠲᠡᠭᠰᠢ ᠳᠥᠷᠪᠡᠯᠵᠢᠨ ᠮᠧᠲᠷ᠂ ᠬᠤᠭᠤᠯᠠᠨ ᠭᠡᠷ | 2160 ᠲᠡᠭᠰᠢ ᠳᠥᠷᠪᠡᠯᠵᠢᠨ ᠮᠧᠲᠷ᠂ ᠤᠬᠢᠶᠠᠯᠭ᠎ᠠ ᠶᠢᠨ ᠲᠠᠰᠤᠭ 208 ᠲᠡᠭᠰᠢ ᠳᠥᠷᠪᠡᠯᠵᠢᠨ ᠮᠧᠲᠷ᠂ ᠵᠣᠷᠯᠣᠩ | 323 ᠲᠡᠭᠰᠢ ᠳᠥᠷᠪᠡᠯᠵᠢᠨ ᠮᠧᠲᠷ᠂ ᠡᠭᠦᠳᠡᠨ ᠬᠠᠷᠠᠭᠤᠯ 64 ᠲᠡᠭᠰᠢ ᠳᠥᠷᠪᠡᠯᠵᠢᠨ ᠮᠧᠲᠷ᠃ ᠲᠠᠮᠢᠷ ᠤᠨ | ᠲᠣᠭᠤᠷᠢᠭ ᠲᠤ ᠲᠠᠮᠢᠷ ᠤᠨ ᠲᠠᠯᠠᠪᠠᠢ ᠶᠢᠨ 9850 ᠲᠡᠭᠰᠢ ᠳᠥᠷᠪᠡᠯᠵᠢᠨ ᠮᠧᠲᠷ᠂ ᠲᠣᠰ ᠲᠣᠰ ᠬᠥᠯ ᠪᠥᠮᠪᠥᠭᠡᠨ | ᠲᠠᠯᠠᠪᠠᠢ 4917 ᠲᠡᠭᠰᠢ ᠳᠥᠷᠪᠡᠯᠵᠢᠨ ᠮᠧᠲᠷ᠂ ᠰᠦᠯᠢᠶᠣᠣ ᠴᠠᠪᠠᠤ ᠬᠦᠶᠦᠬᠦ ᠵᠠᠮ 925 ᠲᠡᠭᠰᠢ ᠳᠥᠷᠪᠡᠯᠵᠢᠨ | ᠮᠧᠲᠷ᠂ ᠰᠠᠭᠰᠤᠨ ᠪᠥᠮᠪᠥᠭᠡᠨ ᠲᠠᠯᠠᠪᠠᠢ 858 ᠲᠡᠭᠰᠢ ᠳᠥᠷᠪᠡᠯᠵᠢᠨ ᠮᠧᠲᠷ᠂ ᠬᠠᠷ᠎ᠠ ᠲᠤᠭᠤᠯᠭᠠᠨ ᠪᠥᠮᠪᠥᠭᠡᠨ | ᠲᠠᠯᠠᠪᠠᠢ 177 ᠲᠡᠭᠰᠢ ᠳᠥᠷᠪᠡᠯᠵᠢᠨ ᠮᠧᠲᠷ᠂ ᠬᠤᠯᠠ ᠦᠰᠦᠷᠬᠦ ᠲᠠᠯᠠᠪᠠᠢ 124 ᠲᠡᠭᠰᠢ ᠳᠥᠷᠪᠡᠯᠵᠢᠨ ᠮᠧᠲᠷ᠂ | ᠥᠨᠳᠥᠷ ᠦᠰᠦᠷᠬᠦ ᠲᠠᠯᠠᠪᠠᠢ 316 ᠲᠡᠭᠰᠢ ᠳᠥᠷᠪᠡᠯᠵᠢᠨ ᠮᠧᠲᠷ᠂ ᠠᠯᠠᠭᠠᠳᠠᠬᠤ ᠪᠥᠮᠪᠥᠭᠡᠨ ᠲᠠᠯᠠᠪᠠᠢ 362 ᠲᠡᠭᠰᠢ | ᠳᠥᠷᠪᠡᠯᠵᠢᠨ ᠮᠧᠲᠷ ᠪᠣᠶ᠃ ᠰᠤᠷᠭᠠᠭᠤᠯᠢ ᠨᠢ ᠤᠳᠤᠬᠢᠴᠢᠯᠠᠭᠰᠠᠨ ᠹᠢᠽᠢᠺ ᠬᠢᠮᠢ ᠠᠮᠢᠳᠤ ᠪᠤᠳᠠᠰ ᠤᠨ | ᠳᠤᠷᠰᠢᠯᠳᠠ ᠶᠢᠨ ᠳᠠᠰᠤᠭ᠂ ᠮᠡᠳᠡᠭᠡ ᠵᠠᠩᠬᠢ ᠶᠢᠨ ᠮᠡᠷᠬᠡᠵᠢᠯ ᠤᠨ ᠬᠢᠴᠢᠶᠡᠯ ᠤᠨ ᠬᠡᠷ᠂ ᠨᠤᠮ ᠤᠨ ᠳᠠᠰᠤᠭ᠂ | ᠰᠢᠩᠬᠡᠬᠡᠨ ᠨᠡᠪᠳᠡᠷᠡᠬᠦᠯᠬᠦ ᠠᠩᠬᠢ ᠶᠢᠨ ᠬᠡᠷ ᠵᠢᠴᠢ ᠡᠯ᠎ᠡ ᠵᠦᠢᠯ ᠤᠨ ᠠᠵᠢᠯᠯᠠᠭᠠᠨ ᠤ ᠳᠠᠰᠤᠭ ᠢ ᠳᠤᠬᠢᠷᠠᠭᠤᠯᠪᠠ᠃ |