| ᠡᠮ ᠤᠨ ᠵᠦᠢᠯ ᠤᠨ ᠠᠮᠤᠷ ᠲᠦᠪᠰᠢᠨ ᠢ ᠪᠠᠬᠢᠵᠢᠭᠦᠯᠦᠨ ᠳᠡᠭᠡᠭᠰᠢᠯᠡᠭᠦᠯᠬᠦ ᠠᠵᠢᠯᠯᠠᠭ᠎ᠠ ᠶᠢ ᠦᠷᠭᠦᠯᠵᠢᠯᠡᠨ | ᠭᠦᠨᠵᠡᠭᠡᠶ ᠳᠥᠯᠭᠢᠨ ᠠᠬᠢᠭᠤᠯᠵᠤ᠂ ᠡᠮ ᠤᠨ ᠵᠦᠢᠯ ᠢ ᠡᠵᠡᠩᠨᠡᠵᠦ ᠬᠡᠷᠡᠭᠯᠡᠬᠦ ᠠᠵᠢᠯᠯᠠᠭ᠎ᠠ ᠶᠢ ᠵᠢᠷᠤᠮᠵᠢᠭᠤᠯᠤᠨ᠂ | ᠣᠯᠠᠨ ᠲᠦᠮᠡᠨ ᠤ ᠡᠮ ᠬᠡᠷᠡᠭᠯᠡᠬᠦ ᠪᠠᠭᠠᠵᠢ ᠬᠡᠷᠡᠭᠰᠡᠯ ᠤᠨ ᠠᠮᠤᠷ ᠲᠦᠪᠰᠢᠨ ᠢ ᠪᠠᠲᠤᠯᠠᠬᠤ ᠶᠢᠨ ᠲᠥᠯᠥᠭᠡ᠂ | ᠣᠶᠢᠷ᠎ᠠ ᠳᠤ᠂ ᠰᠢᠶᠠᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠡᠮ ᠤᠨ ᠵᠦᠢᠯ ᠪᠠᠭᠠᠵᠢ | ᠬᠡᠷᠡᠭᠰᠡᠯ ᠤᠨ ᠴᠢᠨᠠᠷ ᠤᠨ ᠠᠮᠤᠷ ᠲᠦᠪᠰᠢᠨ ᠤ ᠲᠤᠰᠬᠠᠶ ᠪᠠᠶᠢᠴᠠᠭᠠᠯᠲᠠ ᠥᠷᠨᠢᠭᠦᠯᠪᠡ᠃ | ᠬᠠᠤᠯᠢ ᠬᠡᠷᠡᠭᠵᠢᠭᠦᠯᠬᠦ ᠠᠵᠢᠯᠲᠠᠨ ᠡᠮ ᠤᠨ ᠵᠦᠢᠯ᠂ ᠡᠮᠴᠢᠯᠡᠭᠡᠨ ᠤ ᠪᠠᠭᠠᠵᠢ ᠬᠡᠷᠡᠭᠰᠡᠯ ᠤᠨ ᠦᠢᠯᠡᠳᠭᠦᠨ ᠢ | ᠬᠤᠳᠠᠯᠳᠤᠨ ᠠᠪᠬᠤ ᠪᠠ ᠪᠣᠷᠣᠯᠠᠭᠤᠯᠬᠤ ᠠᠷᠭ᠎ᠠ ᠵᠠᠮ ᠨᠢ ᠬᠠᠤᠯᠢ ᠶᠣᠰᠣᠭᠠᠷ ᠲᠣᠳᠣᠷᠬᠠᠶ ᠪᠠᠶᠢᠬᠤ ᠡᠰᠡᠬᠦ᠂ ᠪᠢᠯᠧᠲ᠂ | ᠦᠨᠡᠮᠯᠡᠯ᠂ ᠲᠠᠩᠰᠠ᠂ ᠪᠠᠷᠠᠭ᠎ᠠ ᠨᠢ ᠪᠦᠷᠢᠨ ᠪᠦᠲᠦᠨ ᠪᠠᠶᠢᠬᠤ ᠡᠰᠡᠬᠦ ᠵᠢᠴᠢ ᠬᠠᠳᠠᠭᠠᠯᠠᠵᠤ ᠬᠠᠮᠢᠶᠠᠷᠬᠤ | ᠨᠥᠬᠦᠴᠡᠯ ᠳᠤ ᠨᠡᠶᠢᠴᠡᠬᠦ ᠡᠰᠡᠬᠦ᠂ ᠠᠵᠢᠯ ᠡᠷᠭᠢᠯᠡᠬᠦ ᠡᠮ ᠨᠠᠶᠢᠷᠠᠭᠴᠢ ᠵᠣᠷ ᠤᠨ ᠡᠮ ᠢ ᠠᠵᠢᠯ ᠤᠨ ᠪᠠᠶᠢᠷᠢ ᠳᠤ | ᠪᠠᠶᠢᠬᠤ ᠥᠬᠡᠶ ᠪᠠᠶᠢᠬᠤ ᠦᠶ᠎ᠡ ᠳᠤ ᠫᠠᠶᠢᠰᠠ ᠡᠯᠭᠦᠨ ᠮᠡᠳᠡᠭᠳᠡᠭᠰᠡᠨ ᠡᠰᠡᠬᠦ᠂ ᠵᠣᠷ ᠤᠨ ᠡᠮ ᠨᠢ ᠵᠣᠷ ᠢᠶᠠᠷ | ᠪᠣᠷᠣᠯᠠᠭᠤᠯᠤᠭᠰᠠᠨ ᠡᠰᠡᠬᠦ᠂ ᠵᠥᠪᠰᠢᠶᠡᠷᠡᠯ ᠣᠯᠤᠭᠰᠠᠨ ᠥᠬᠡᠶ᠂ ᠳᠠᠩᠰᠠᠯᠠᠭᠤᠯᠤᠭᠰᠠᠨ ᠥᠬᠡᠶ ᠪᠠᠷ ᠡᠮᠴᠢᠯᠡᠭᠡᠨ ᠤ | ᠪᠠᠭᠠᠵᠢ ᠬᠡᠷᠡᠭᠰᠡᠯ ᠢ ᠡᠵᠡᠩᠨᠡᠭᠰᠡᠨ ᠵᠡᠷᠭᠡ ᠬᠠᠤᠯᠢ ᠲᠣᠭᠲᠠᠭᠠᠯ ᠠᠴᠠ ᠵᠥᠷᠢᠴᠡᠭᠰᠡᠨ ᠡᠵᠡᠩᠨᠡᠯᠲᠡ ᠶᠢᠨ ᠠᠵᠢᠯᠯᠠᠭ᠎ᠠ | ᠣᠷᠣᠰᠢᠵᠤ ᠪᠠᠶᠢᠬᠤ ᠡᠰᠡᠬᠦ ᠵᠡᠷᠭᠡ ᠪᠠᠶᠢᠳᠠᠯ ᠳᠤ ᠪᠠᠶᠢᠴᠠᠭᠠᠯᠲᠠ ᠬᠢᠪᠠ᠃ ᠡᠭᠦᠨ ᠤ ᠬᠠᠮᠲᠤ᠂ ᠡᠯ᠎ᠡ ᠡᠵᠡᠩᠨᠡᠯᠲᠡ ᠶᠢᠨ | ᠭᠤᠤᠯ ᠴᠣᠭᠴᠠ ᠶᠢᠨ ᠬᠠᠷᠢᠭᠤᠴᠠᠯᠭᠠᠲᠠᠨ ᠳᠤ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠡᠮ ᠤᠨ | ᠵᠦᠢᠯ ᠤᠨ ᠬᠠᠮᠢᠶᠠᠷᠤᠯᠲᠠ ᠶᠢᠨ ᠬᠠᠤᠯᠢ︾ ︽ᠡᠮ ᠤᠨ ᠵᠦᠢᠯ ᠤᠨ ᠬᠠᠮᠢᠶᠠᠷᠤᠯᠲᠠ ᠶᠢᠨ ᠬᠠᠤᠯᠢ ᠶᠢ ᠬᠡᠷᠡᠭᠵᠢᠭᠦᠯᠬᠦ | ᠲᠦᠷᠢᠮ︾ ᠵᠡᠷᠭᠡ ᠬᠠᠤᠯᠢ ᠴᠠᠭᠠᠵᠠ ᠬᠠᠤᠯᠢ ᠲᠣᠭᠲᠠᠭᠠᠯ ᠢ ᠲᠦᠭᠡᠮᠡᠯᠵᠢᠭᠦᠯᠦᠨ ᠲᠠᠶᠢᠯᠪᠤᠷᠢᠯᠠᠵᠤ᠂ ᠲᠡᠭᠦᠨ ᠤ ᠠᠮᠤᠷ | ᠲᠦᠪᠰᠢᠨ ᠤ ᠭᠤᠤᠯ ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠶᠢ ᠰᠢᠮᠳᠠᠭᠤᠯᠵᠤ᠂ ᠡᠮ ᠪᠠ ᠪᠠᠭᠠᠵᠢ | ᠬᠡᠷᠡᠭᠰᠡᠯ ᠢ ᠬᠤᠳᠠᠯᠳᠤᠨ ᠣᠷᠣᠭᠤᠯᠬᠤ ᠪᠣᠭᠤᠮᠲᠠ᠂ ᠶᠠᠰᠤ ᠴᠢᠨᠠᠷ ᠤᠨ ᠪᠣᠭᠤᠮᠲᠠ᠂ ᠬᠡᠷᠡᠭᠯᠡᠯᠲᠡ ᠶᠢᠨ ᠪᠣᠭᠤᠮᠲᠠ ᠶᠢ | ᠴᠢᠩᠭ᠎ᠠ ᠠᠳᠬᠤᠵᠤ᠂ ᠠᠷᠠᠳ ᠣᠯᠠᠨ ᠤ ᠠᠮᠢ ᠨᠠᠰᠤ ᠡᠷᠡᠭᠦᠯ ᠮᠡᠨᠳᠦ ᠶᠢᠨ ᠠᠮᠤᠷ ᠲᠦᠪᠰᠢᠨ ᠢ ᠬᠠᠮᠲᠤ ᠪᠠᠷ | ᠪᠠᠲᠤᠯᠠᠪᠠ᠃ | ᠣᠲᠣ ᠪᠣᠯᠲᠠᠯ᠎ᠠ᠂ ᠡᠮ ᠤᠨ ᠵᠤᠶᠢᠯ ᠤᠨ ᠪᠠᠭᠠᠵᠢ ᠬᠡᠷᠡᠭᠰᠡᠯ ᠤᠨ ᠡᠵᠡᠩᠨᠡᠯᠲᠡ ᠶᠢᠨ ᠨᠢᠭᠡᠴᠡ ᠶᠢ ᠨᠡᠶᠢᠲᠡ 138 | ᠪᠠᠶᠢᠴᠠᠭᠠᠵᠤ᠂ ︽ᠨᠢᠩᠴᠧᠩ ᠰᠢᠶᠠᠨ ᠤ ᠡᠮ ᠤᠨ ᠵᠤᠶᠢᠯ ᠪᠠᠭᠠᠵᠢ ᠬᠡᠷᠡᠭᠰᠡᠯ ᠤᠨ ᠡᠵᠡᠩᠨᠡᠯᠲᠡ ᠬᠡᠷᠡᠭᠯᠡᠯᠲᠡ ᠶᠢᠨ | ᠨᠢᠭᠡᠴᠡ ᠶᠢᠨ ᠵᠠᠰᠠᠭ ᠵᠠᠬᠢᠷᠭᠠᠨ ᠤ ᠲᠣᠭᠲᠠᠭᠠᠯ ᠳᠤ ᠨᠡᠶᠢᠴᠡᠬᠦ ᠵᠢᠯᠣᠭᠤᠳᠬᠤ ᠨᠠᠷᠢᠨ ᠲᠠᠩᠰᠠ︾ ᠶᠢ 200 ᠭᠠᠷᠤᠶ | ᠬᠤᠪᠢ ᠲᠠᠷᠬᠠᠭᠠᠵᠤ᠂ ᠬᠤᠯᠪᠣᠭᠳᠠᠯ ᠪᠥᠬᠦᠶ ᠬᠠᠤᠯᠢ ᠲᠣᠭᠲᠠᠭᠠᠯ ᠠᠴᠠ ᠵᠥᠷᠢᠴᠡᠭᠰᠡᠨ ᠠᠰᠠᠭᠤᠳᠠᠯ ᠢ ᠲᠦᠷ ᠣᠯᠵᠤ | ᠮᠡᠳᠡᠭᠰᠡᠨ ᠥᠬᠡᠶ᠃ ᠲᠠᠷᠠᠭᠠᠴᠢ ᠶᠢᠨ ᠠᠯᠬᠤᠮ ᠳᠤ᠂ ᠰᠢᠶᠠᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ | ᠲᠣᠪᠴᠢᠶ᠎ᠠ ᠡᠮ ᠤᠨ ᠵᠤᠶᠢᠯ ᠪᠠᠭᠠᠵᠢ ᠬᠡᠷᠡᠭᠰᠡᠯ ᠤᠨ ᠡᠳᠦᠷ ᠲᠤᠲᠤᠮ ᠤᠨ ᠬᠢᠨᠠᠯᠲᠠ ᠬᠠᠮᠢᠶᠠᠷᠤᠯᠲᠠ ᠶᠢ ᠦᠷᠭᠦᠯᠵᠢᠯᠡᠨ | ᠴᠢᠩᠭᠠᠳᠬᠠᠵᠤ᠂ ᠬᠠᠷᠢᠶ᠎ᠠ ᠣᠷᠣᠨ ᠤ ᠳᠣᠲᠣᠷᠠᠬᠢ ᠡᠮ ᠤᠨ ᠵᠤᠶᠢᠯ ᠪᠠᠭᠠᠵᠢ ᠬᠡᠷᠡᠭᠰᠡᠯ ᠤᠨ ᠶᠠᠰᠤ ᠴᠢᠨᠠᠷ ᠤᠨ ᠠᠮᠤᠷ | ᠲᠦᠪᠰᠢᠨ ᠤ ᠬᠠᠮᠢᠶᠠᠷᠤᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠵᠦ᠂ ᠠᠷᠠᠳ ᠣᠯᠠᠨ ᠤ ᠡᠷᠡᠭᠦᠯ ᠮᠡᠨᠳᠦ ᠶᠢᠨ | ᠪᠠᠲᠤᠯᠠᠭ᠎ᠠ ᠶᠢᠨ ᠨᠢᠭᠡᠳᠦᠭᠡᠷ ᠰᠡᠷᠭᠡᠶᠢᠯᠡᠯᠲᠡ ᠶᠢᠨ ᠱᠤᠭᠤᠮ ᠢ ᠪᠠᠬᠢᠵᠢᠭᠦᠯᠵᠦ᠂ ᠠᠷᠠᠳ ᠣᠯᠠᠨ ᠤ ᠡᠮ ᠬᠡᠷᠡᠭᠯᠡᠬᠦ | ᠪᠠᠭᠠᠵᠢ ᠬᠡᠷᠡᠭᠰᠡᠯ ᠤᠨ ᠠᠮᠤᠷ ᠲᠦᠪᠰᠢᠨ ᠢ ᠦᠨᠡᠨ ᠬᠦ ᠪᠠᠲᠤᠯᠠᠨ᠎ᠠ᠃ |