| ᠨᠢᠭᠡ ᠳᠤ᠂ ᠲᠤᠬᠠᠶᠢᠯᠠᠭᠰᠠᠨ ᠠᠵᠢᠯ ᠤᠨ ᠰᠠᠭᠤᠷᠢ ᠶᠢ ᠪᠠᠬᠢᠵᠢᠭᠦᠯᠵᠦ᠂ ᠲᠦᠷᠦᠭᠦᠤ ᠤᠯᠠᠷᠢᠯ ᠤᠨ ᠡᠵᠡᠩᠨᠡᠨ | ᠪᠣᠷᠣᠯᠠᠭᠤᠯᠬᠤ ᠠᠵᠢᠯ ᠢ ᠯᠠᠪᠳᠠᠭᠤᠨ ᠪᠠᠲᠤᠲᠠᠶ ᠥᠷᠨᠢᠭᠦᠯᠪᠡ᠃ ︽2024 ᠣᠨ ᠤ ︿ᠰᠠᠶᠢᠨ ᠡᠬᠢᠯᠡᠯᠲᠡ ᠲᠠᠢ | ᠪᠠᠶᠢᠬᠤ﹀ ᠤᠷᠤᠯᠳᠤᠭᠠᠨ ᠤ ᠠᠵᠢᠯᠯᠠᠭ᠎ᠠ ᠶᠢᠨ ᠬᠡᠷᠡᠭᠵᠢᠭᠦᠯᠬᠦ ᠲᠥᠰᠥᠯ︾ ᠢ ᠰᠤᠳᠤᠯᠤᠨ ᠲᠣᠭᠲᠠᠭᠠᠵᠤ᠂ ᠥᠪᠡᠷ ᠤᠨ | ᠥᠷᠲᠡᠭ ᠢᠶᠠᠷ ᠳᠣᠣᠷ᠎ᠠ ᠬᠠᠳᠠᠭᠠᠯᠠᠮᠵᠢ ᠶᠢᠨ ᠡᠵᠡᠩᠨᠡᠨ ᠪᠣᠷᠣᠯᠠᠭᠤᠯᠤᠯᠲᠠ᠂ ᠠᠩᠬᠠᠨ ᠤ ᠵᠢᠭᠡᠯᠡᠯᠭᠡ ᠠᠪᠤᠭᠰᠠᠨ ᠡᠷᠦᠬᠡ | ᠪᠠ ᠢᠲᠡᠭᠡᠮᠵᠢ ᠣᠯᠭᠤᠭᠰᠠᠨ ᠨᠡᠮᠡᠭᠳᠡᠯ ᠤᠨ ᠬᠡᠮᠵᠢᠶ᠎ᠡ ᠶᠢᠨ ᠡᠵᠡᠩᠨᠡᠨ ᠪᠣᠷᠣᠯᠠᠭᠤᠯᠤᠯᠲᠠ᠂ ᠨᠡᠶᠢᠭᠡᠮ ᠤᠨ | ᠳᠠᠭᠠᠳᠬᠠᠯ ᠤᠨ ᠺᠠᠷᠲ ᠤᠨ ᠨᠡᠮᠡᠭᠳᠡᠯ ᠵᠡᠷᠭᠡ ᠭᠤᠣᠯᠳᠠᠯᠭ᠎ᠠ ᠲᠠᠢ ᠭᠦᠢᠴᠡᠳᠬᠡᠯ ᠲᠤᠭ᠎ᠠ ᠪᠠᠷ ᠲᠤᠰᠬᠠᠢ ᠡᠵᠡᠩᠨᠡᠨ | ᠪᠣᠷᠣᠯᠠᠭᠤᠯᠤᠯᠲᠠ ᠶᠢᠨ ᠱᠠᠩᠨᠠᠯ ᠤᠨ ᠲᠥᠰᠥᠯ ᠢ ᠲᠣᠭᠲᠠᠭᠠᠨ᠎ᠠ᠃ ᠲᠦᠷᠦᠭᠦᠤ ᠤᠯᠠᠷᠢᠯ ᠤᠨ ᠰᠠᠶᠢᠨ ᠡᠬᠢᠯᠡᠯᠲᠡ ᠲᠠᠢ | ᠪᠣᠯᠤᠭᠰᠠᠨ ᠬᠤᠭᠤᠴᠠᠭᠠᠨ ᠳᠤ᠂ ᠪᠦᠬᠦ ᠰᠢᠶᠠᠨ ᠤ ᠡᠯ᠎ᠡ ᠵᠦᠢᠯ ᠤᠨ ᠬᠠᠳᠠᠭᠠᠯᠠᠮᠵᠢ 163.88 ᠳ᠋ᠦᠩᠰᠢᠭᠤᠷ | ᠲᠥᠭᠦᠷᠢᠭ ᠲᠤ ᠬᠦᠷᠴᠦ᠂ ᠵᠢᠯ ᠤᠨ ᠡᠬᠢᠨ ᠤ ᠬᠢ ᠠᠴᠠ 6.26 ᠳ᠋ᠦᠩᠰᠢᠭᠤᠷ ᠲᠥᠭᠦᠷᠢᠭ ᠨᠡᠮᠡᠭᠳᠡᠵᠦ᠂ | ᠨᠡᠮᠡᠭᠳᠡᠯ ᠤᠨ ᠬᠡᠮᠵᠢᠶ᠎ᠡ 3.97% ᠳᠤ ᠬᠦᠷᠴᠡᠶ᠃ | ᠬᠤᠶᠠᠷ ᠲᠤ᠂ ᠢᠲᠡᠭᠡᠮᠵᠢᠲᠦ ᠵᠢᠭᠡᠯᠡᠯᠭᠡ ᠲᠠᠯᠪᠢᠬᠤ ᠶᠢ ᠲᠦᠷᠭᠡᠳᠬᠡᠵᠦ᠂ ᠢᠲᠡᠭᠡᠮᠵᠢᠲᠦ ᠵᠢᠭᠡᠯᠡᠯᠭᠡ ᠶᠢᠨ ᠨᠠᠷᠢᠯᠢᠭ | ᠣᠨᠣᠴᠠᠲᠠᠶ ᠪᠠᠷ ᠡᠵᠡᠩᠨᠡᠨ ᠪᠣᠷᠣᠯᠠᠭᠤᠯᠬᠤ ᠲᠤᠰᠬᠠᠶ ᠠᠵᠢᠯᠯᠠᠭ᠎ᠠ ᠥᠷᠨᠢᠭᠦᠯᠦᠨ᠎ᠡ᠃ ᠢᠲᠡᠭᠡᠮᠵᠢᠲᠦ ᠵᠢᠭᠡᠯᠡᠯᠭᠡ ᠶᠢᠨ | ᠦᠢᠯᠡᠳᠭᠦᠨ ᠪᠠ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢᠨ ᠲᠠᠯ᠎ᠠ ᠪᠠᠷ ᠰᠢᠨ᠎ᠡ ᠶᠢ ᠡᠭᠦᠳᠦᠨ ᠨᠡᠶᠢᠲᠡᠯᠡᠵᠦ᠂ | ᠲᠦᠭᠡᠮᠡᠯ ᠬᠠᠷᠠᠭᠠᠯᠵᠠᠯᠲᠤ ᠮᠥᠩᠭᠦᠨ ᠭᠦᠢᠯᠭᠡᠭᠡᠨ ᠤ ᠶᠡᠭᠡ ᠰᠤᠷᠪᠤᠯᠵᠢᠯᠠᠭ᠎ᠠ᠂ ᠬᠥᠳᠡᠭᠡ ᠲᠣᠰᠬᠤᠨ ᠤ ᠢᠲᠡᠭᠡᠮᠵᠢ ᠶᠢᠨ | ᠢᠨᠵᠧᠨᠧᠷᠢᠩ ᠤᠨ ᠪᠠᠶᠢᠭᠤᠯᠤᠯᠲᠠ᠂ ᠲᠣᠣᠷᠵᠢᠭᠤᠯᠤᠭᠰᠠᠨ ᠡᠵᠡᠩᠨᠡᠨ ᠪᠣᠷᠣᠯᠠᠭᠤᠯᠬᠤ ᠢᠲᠡᠭᠡᠮᠵᠢ ᠣᠯᠭᠤᠬᠤ ᠵᠡᠷᠭᠡ | ᠠᠵᠢᠯ ᠢ ᠥᠷᠨᠢᠭᠦᠯᠵᠦ᠂ ᠵᠠᠬ᠎ᠠ ᠳᠡᠯᠭᠡᠭᠦᠷ ᠤᠨ ᠶᠠᠰᠤ ᠴᠢᠨᠠᠷ ᠦᠷ᠎ᠡ ᠠᠰᠢᠭ ᠪᠠ ᠲᠤᠬᠠᠶᠢᠯᠠᠭᠰᠠᠨ ᠠᠵᠢᠯ ᠢᠶᠠᠨ | ᠬᠤᠪᠢᠷᠠᠭᠤᠯᠬᠤ ᠨᠣᠷᠮ᠎ᠠ ᠶᠢ ᠳᠡᠭᠡᠭᠰᠢᠯᠡᠭᠦᠯᠦᠨ᠂ ᠮᠥᠩᠭᠦᠨ ᠭᠦᠢᠯᠭᠡᠭᠡᠨ ᠤ ᠦᠢᠯᠡᠴᠢᠯᠡᠭᠡᠨ ᠤ ᠬᠦᠴᠢᠷ ᠠᠰᠠᠭᠤᠳᠠᠯ ᠢ | ᠬᠠᠨᠳᠤᠯᠭᠠᠲᠤ ᠴᠢᠨᠠᠷᠲᠠᠢ ᠪᠠᠷ ᠰᠢᠢᠳᠪᠦᠷᠢᠯᠡᠪᠡ ᠃ ᠡᠯ᠎ᠡ ᠵᠦᠢᠯ ᠤᠨ ᠬᠠᠳᠠᠭᠠᠯᠠᠮᠵᠢ ᠰᠢᠨ᠎ᠡ ᠪᠠᠷ 1.61 ᠳ᠋ᠦᠩᠰᠢᠭᠤᠷ | ᠲᠥᠭᠦᠷᠢᠭ ᠨᠡᠮᠡᠭᠳᠡᠭᠦᠯᠵᠦ᠂ ᠵᠢᠭᠡᠯᠡᠯᠭᠡ ᠶᠢ 2.33 ᠳ᠋ᠦᠩᠰᠢᠭᠤᠷ ᠲᠥᠭᠦᠷᠢᠭ ᠰᠢᠨ᠎ᠡ ᠪᠠᠷ ᠨᠡᠮᠡᠭᠳᠡᠭᠦᠯᠪᠡ᠃ | ᠭᠤᠷᠪᠠ ᠳᠤ᠂ ᠲᠦᠭᠡᠮᠡᠯ ᠬᠠᠷᠠᠭᠠᠯᠵᠠᠯᠲᠤ ᠮᠥᠩᠭᠦᠨ ᠭᠦᠢᠯᠭᠡᠭᠡ ᠶᠢ ᠦᠢᠯᠡᠳᠦᠯᠭᠡᠵᠢᠭᠦᠯᠵᠦ᠂ ᠲᠦᠭᠡᠮᠡᠯ | ᠬᠠᠷᠠᠭᠠᠯᠵᠠᠯᠲᠤ ᠮᠥᠩᠭᠦᠨ ᠭᠦᠢᠯᠭᠡᠭᠡᠨ ᠤ ᠬᠥᠭᠵᠢᠯᠲᠡ ᠶᠢᠨ ᠲᠤᠰᠬᠠᠢ ᠪᠡᠯᠡ ᠮᠥᠩᠭᠦ ᠶᠢ ᠢᠳᠡᠪᠬᠢᠲᠡᠢ ᠭᠤᠶᠤᠴᠢᠯᠠᠨ | ᠮᠡᠳᠡᠭᠦᠯᠦᠨ᠎ᠡ᠃ ︽ᠪᠠᠩᠬᠢ ᠶᠢᠨ ᠦᠢᠯᠡᠰ ᠳᠠᠭᠠᠳᠬᠠᠯ ᠤᠨ ᠦᠢᠯᠡᠰ ᠤᠨ ᠮᠥᠩᠭᠦᠨ ᠭᠦᠢᠯᠭᠡᠭᠡᠨ ᠤ ︿ᠲᠠᠪᠤᠨ ᠶᠡᠭᠡ | ᠵᠣᠬᠢᠶᠠᠯ﹀ ᠢ ᠰᠠᠶᠢᠲᠤᠷ ᠬᠢᠬᠦ ᠲᠤᠬᠠᠶ ᠤᠯᠤᠰ ᠤᠨ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠶᠡᠷᠦᠩᠬᠡᠶ | ᠲᠣᠪᠴᠢᠶ᠎ᠠ ᠶᠢᠨ ᠵᠢᠯᠣᠭᠤᠳᠬᠤ ᠰᠠᠨᠠᠯ︾᠂ ︽2024 ᠣᠨ ᠤ ᠲᠦᠭᠡᠮᠡᠯ ᠬᠠᠷᠠᠭᠠᠯᠵᠠᠯᠲᠤ ᠮᠥᠩᠭᠦᠨ ᠭᠦᠢᠯᠭᠡᠭᠡᠨ ᠤ | ᠠᠵᠢᠯ ᠤᠨ ᠭᠤᠤᠯᠳᠠᠯᠭ᠎ᠠ︾ ᠶᠢᠨ ᠲᠣᠭᠤᠷᠢᠨ ᠳᠤ᠂ ᠢᠲᠡᠭᠡᠮᠵᠢᠲᠦ ᠵᠢᠭᠡᠯᠡᠯᠭᠡ ᠶᠢᠨ ᠬᠡᠷᠡᠭᠴᠡᠭᠡ ᠱᠠᠭᠠᠷᠳᠠᠯᠭ᠎ᠠ ᠲᠠᠢ | ᠭᠤᠤᠯᠳᠠᠯᠭ᠎ᠠ ᠲᠠᠢ ᠬᠡᠷᠡᠭᠯᠡᠭᠴᠢᠳ ᠲᠤ ᠴᠢᠭᠯᠡᠭᠦᠯᠦᠨ ᠳᠠᠬᠢᠨ ᠰᠤᠷᠪᠤᠯᠵᠢᠯᠠᠵᠤ᠂ ᠳᠠᠬᠢᠨ ᠵᠣᠯᠭᠠᠭᠤᠯᠵᠤ᠂ ᠳᠠᠬᠢᠨ | ᠡᠵᠡᠩᠨᠡᠨ ᠪᠣᠷᠣᠯᠠᠭᠤᠯᠵᠤ᠂ ᠠᠵᠢᠯ ᠤᠨ ᠪᠣᠳᠠᠲᠠᠶ ᠲᠠᠢ ᠪᠠᠨ ᠤᠶᠠᠯᠳᠤᠭᠤᠯᠤᠨ᠂ ︽︿ᠲᠦᠭᠡᠮᠡᠯ ᠬᠠᠷᠠᠭᠠᠯᠵᠠᠯᠲᠤ | ᠮᠥᠩᠭᠦᠨ ᠭᠦᠢᠯᠭᠡᠭᠡᠨ ᠤ ᠬᠥᠭᠵᠢᠯᠲᠡ ᠶᠢᠨ ᠲᠤᠰᠬᠠᠶ ᠪᠠᠯᠠ ᠮᠥᠩᠭᠦ ᠶᠢᠨ ᠬᠠᠮᠢᠶᠠᠷᠤᠯᠲᠠ ᠶᠢᠨ ᠠᠷᠭ᠎ᠠ﹀ ᠶᠢ | ᠳᠠᠷᠤᠮᠠᠯᠯᠠᠨ ᠲᠠᠷᠬᠠᠭᠠᠬᠤ ᠲᠤᠬᠠᠶ ᠡᠳ᠋ ᠤᠨ ᠵᠠᠰᠠᠭ ᠤᠨ ᠶᠠᠮᠤᠨ ᠤ ᠮᠡᠳᠡᠭᠳᠡᠯ︾ ᠢ ᠭᠦᠨᠵᠡᠭᠡᠶ ᠰᠤᠳᠤᠯᠬᠤ ᠶᠢᠨ ᠬᠠᠮᠲᠤ | ᠂ ᠳᠡᠭᠡᠳᠦ ᠱᠠᠲᠤᠨ ᠤ ᠨᠢᠭᠡᠴᠡ ᠠᠴᠠ 140.53 ᠲᠦᠮᠡᠨ ᠲᠥᠭᠦᠷᠢᠭ ᠤᠨ ᠲᠤᠰᠬᠠᠶ ᠱᠠᠩᠨᠠᠯ ᠨᠥᠬᠦᠪᠥᠷᠢ | ᠭᠤᠶᠤᠴᠢᠯᠠᠵᠤ᠂ ᠣᠳᠣᠬᠠᠨ ᠳᠤ ᠨᠢᠭᠡᠨᠲᠡ ᠭᠤᠶᠤᠴᠢᠯᠠᠪᠠ᠃ | |