| | | 1 ᠰᠠᠷ᠎ᠠ ᠶᠢᠨ 23 ᠤ ᠡᠳᠦᠷ᠂ ᠰᠢᠶᠠᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠵᠠᠰᠠᠭ ᠤᠨ ᠣᠷᠳᠣᠨ ᠤ | ᠰᠢᠶᠠᠨ ᠤ ᠳᠠᠷᠤᠭ᠎ᠠ ᠵᠠᠩ ᠸᠧᠨ ᠽᠧ ᠰᠢᠶᠠᠨ ᠤ ᠵᠠᠰᠠᠭ ᠤᠨ ᠣᠷᠳᠣᠨ ᠤ 2025 ᠣᠨ ᠤ ᠬᠤᠶᠠᠳᠤᠭᠠᠷ | ᠤᠳᠠᠭᠠᠨ ᠤ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠵᠤ᠂ 1 ᠰᠠᠷ᠎ᠠ ᠶᠢᠨ 20 ᠤ ᠡᠳᠦᠷ ᠤᠨ ᠲᠥᠪ | ᠬᠤᠷᠢᠶ᠎ᠠ ᠶᠢᠨ ᠤᠯᠤᠰ ᠲᠥᠷᠥ ᠶᠢᠨ ᠲᠣᠪᠴᠢᠶ᠎ᠠ ᠶᠢᠨ ᠬᠤᠷᠠᠯ ᠤᠨ ᠵᠣᠷᠢᠭ ᠰᠠᠨᠠᠭ᠎ᠠ ᠪᠠ 2024 ᠣᠨ ᠤ ᠪᠥᠬᠦ | ᠬᠤᠲᠠ ᠶᠢᠨ ︽ᠬᠢᠷᠢ ᠪᠦᠲᠦᠮᠵᠢ ᠪᠠᠨ ᠳᠡᠯᠭᠡᠨ ᠦᠵᠡᠭᠦᠯᠵᠦ᠂ ᠬᠥᠭᠵᠢᠯᠲᠡ ᠶᠢ ᠡᠷᠢᠯᠬᠢᠯᠡᠬᠦ︾ ᠲᠤᠰᠬᠠᠶ ᠰᠡᠳᠦᠪᠲᠦ | ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠵᠤ᠂ ᠲᠥᠷᠥᠯ ᠵᠦᠢᠯ ᠤᠨ ᠲᠥᠯᠥᠪᠵᠢᠭᠦᠯᠭᠡ ᠶᠢᠨ ᠪᠠᠶᠢᠳᠠᠯ ᠤᠨ ᠬᠠᠷᠢᠭᠤ | ᠮᠡᠳᠡᠭᠦᠯᠦᠯᠲᠡ ᠶᠢ ᠰᠣᠨᠣᠰᠴᠤ᠂ ᠴᠠᠭᠠᠨ ᠰᠠᠷ᠎ᠠ ᠠᠴᠠ ᠡᠮᠦᠨᠡᠬᠢ ᠭᠤᠤᠯᠳᠠᠯᠭ᠎ᠠ ᠲᠠᠢ ᠠᠵᠢᠯ ᠢ ᠳᠣᠭᠢᠷᠠᠭᠤᠯᠤᠨ | ᠪᠠᠶᠢᠷᠢᠯᠠᠭᠤᠯᠪᠠ᠃ | ᠬᠤᠷᠠᠯ ᠠᠴᠠ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ | ᠰᠤᠷᠤᠯᠴᠠᠨ ᠣᠶᠢᠯᠠᠭᠠᠵᠤ᠂ ᠵᠥᠪ ᠣᠨᠣᠪᠴᠢᠲᠠᠢ ᠠᠵᠢᠯ ᠤᠨ ᠪᠦᠲᠦᠮᠵᠢ ᠶᠢᠨ ᠦᠵᠡᠯᠲᠡ ᠶᠢ ᠪᠤᠢ ᠪᠣᠯᠭᠠᠨ | ᠦᠢᠯᠡᠳᠦᠯᠭᠡᠵᠢᠭᠦᠯᠵᠦ᠂ ᠠᠵᠢᠯᠯᠠᠬᠤ ᠶᠢ ᠲᠡᠷᠢᠭᠦᠨ ᠳᠤ ᠲᠠᠯᠪᠢᠬᠤ ᠶᠢ ᠪᠠᠷᠢᠮᠲᠠᠯᠠᠵᠤ᠂ ᠡᠷᠡᠮᠡᠬᠡᠶᠢᠯᠡᠨ ᠤᠷᠤᠭᠰᠢᠯᠠᠵᠤ᠂ | ᠴᠢᠳᠠᠮᠠᠭᠠᠢ ᠠᠵᠢᠯᠯᠠᠵᠤ᠂ ᠨᠢᠩᠴᠧᠩ ᠤᠨ ᠴᠢᠨᠠᠷ ᠰᠠᠶᠢᠲᠠᠢ ᠬᠥᠭᠵᠢᠯᠲᠡ ᠶᠢ ᠯᠠᠪᠳᠠᠭᠤᠨ ᠪᠠᠲᠤᠲᠠᠢ ᠠᠬᠢᠭᠤᠯᠬᠤ | ᠬᠡᠷᠡᠭᠲᠡᠢ᠃ ᠶᠡᠷᠦᠩᠬᠡᠢ ᠱᠦᠵᠢ ᠰᠢ ᠶᠢᠨ ᠫᠢᠩ ᠤᠨ ᠬᠠᠳᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ | ᠬᠠᠮᠠᠭᠠᠯᠠᠯᠲᠠ ᠪᠣᠯᠤᠨ ᠴᠢᠨᠠᠷ ᠰᠠᠶᠢᠲᠠᠢ ᠬᠥᠭᠵᠢᠯᠲᠡ ᠶᠢᠨ ᠲᠤᠬᠠᠢ ᠴᠢᠬᠤᠯᠠ ᠥᠭᠦᠯᠡᠯᠲᠡ ᠶᠢ ᠭᠦᠨᠵᠡᠭᠡᠢ ᠣᠶᠢᠯᠠᠭᠠᠵᠤ | ᠂ ᠤᠰᠤᠨ ᠤ ᠡᠬᠢ ᠪᠠᠶᠠᠯᠢᠭ ᠢ ᠡᠷᠴᠢᠮᠯᠢᠭ ᠥᠨᠳᠥᠷ ᠪᠦᠲᠦᠮᠵᠢᠲᠡᠢ ᠰᠠᠶᠢᠲᠤᠷ ᠬᠡᠷᠡᠭᠯᠡᠬᠦ ᠬᠡᠷᠡᠭᠲᠡᠢ᠃ | ᠨᠡᠶᠢᠭᠡᠮ ᠤᠨ ᠡᠶ᠎ᠡ ᠵᠣᠬᠢᠴᠠᠩᠭᠤᠢ ᠲᠣᠭᠲᠠᠭᠤᠨ ᠢ ᠪᠦᠬᠦ ᠬᠦᠴᠦᠨ ᠢᠶᠠᠷ ᠢᠶᠠᠨ ᠬᠠᠮᠠᠭᠠᠯᠠᠵᠤ᠂ ᠠᠶᠤᠯᠭᠦᠢ | ᠦᠢᠯᠡᠳᠪᠦᠷᠢᠯᠡᠯ᠂ ᠴᠠᠭᠠᠨ ᠰᠠᠷ᠎ᠠ ᠶᠢᠨ ᠵᠥᠭᠡᠭᠡᠪᠦᠷᠢ ᠶᠢᠨ ᠰᠠᠭᠠᠳ ᠦᠭᠡᠢ ᠪᠠᠶᠢᠬᠤ ᠶᠢ ᠪᠠᠲᠤᠯᠠᠬᠤ᠂ ᠠᠮᠤᠷ | ᠲᠣᠭᠲᠠᠭᠤᠨ ᠢ ᠪᠠᠲᠤᠯᠠᠬᠤ ᠠᠵᠢᠯ ᠢ ᠦᠨᠡᠨᠬᠦ ᠰᠠᠶᠢᠲᠤᠷ ᠠᠳᠬᠤᠵᠤ᠂ ᠣᠨᠴᠠᠭᠠᠢ ᠴᠠᠭ ᠠᠭᠤᠷ ᠢ ᠰᠡᠷᠭᠡᠶᠢᠯᠡᠨ | ᠠᠷᠭᠠᠴᠠᠬᠤ ᠠᠵᠢᠯ ᠢ ᠰᠠᠶᠢᠲᠤᠷ ᠬᠢᠵᠦ᠂ ᠵᠢᠵᠢᠭᠦᠷᠯᠡᠨ ᠰᠠᠬᠢᠬᠤ ᠶᠢ ᠴᠢᠩᠭ᠎ᠠ ᠨᠠᠶᠢᠳᠠᠪᠤᠷᠢᠵᠢᠭᠤᠯᠵᠤ᠂ ᠤᠯᠠᠨ | ᠲᠦᠮᠡᠨ ᠤ ᠠᠮᠢᠳᠤᠷᠠᠯ ᠢ ᠰᠡᠳᠬᠢᠯ ᠲᠠᠯᠪᠢᠨ ᠬᠠᠯᠠᠮᠵᠢᠯᠠᠵᠤ᠂ ᠬᠦᠴᠢᠷᠳᠡᠯᠲᠡᠢ ᠤᠯᠠᠨ ᠲᠦᠮᠡᠨ ᠢ ᠠᠪᠤᠷᠠᠨ ᠲᠤᠰᠠᠯᠠᠵᠤ | ᠬᠠᠪᠰᠤᠷᠤᠨ ᠲᠡᠳᠬᠦᠬᠦ ᠠᠵᠢᠯ ᠢ ᠰᠠᠶᠢᠲᠤᠷ ᠬᠢᠵᠦ᠂ ᠠᠷᠠᠳ ᠤᠨ ᠠᠮᠢᠳᠤᠷᠠᠯ ᠤᠨ ᠬᠤᠷᠢᠭ᠎ᠠ ᠱᠤᠭᠤᠮ ᠢ ᠪᠠᠲᠤ | ᠰᠠᠬᠢᠵᠤ᠂ ᠨᠡᠶᠢᠭᠡᠮ ᠤᠨ ᠠᠮᠤᠷ ᠲᠣᠭᠲᠠᠭᠤᠨ ᠡᠮᠬᠢ ᠵᠢᠷᠤᠮ ᠲᠠᠢ᠂ ᠤᠯᠠᠨ ᠲᠦᠮᠡᠨ ᠤ ᠵᠣᠯ ᠵᠢᠷᠭᠠᠯᠲᠤ ᠠᠮᠤᠷ | ᠲᠣᠭᠲᠠᠭᠤᠨ ᠢ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃ | ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃ | ᠭᠡᠷ ᠲᠡᠭᠡᠨ ᠪᠠᠶᠢᠭ᠎ᠠ ᠰᠢᠶᠠᠨ ᠤ ᠵᠠᠰᠠᠭ ᠤᠨ ᠣᠷᠳᠣᠨ ᠤ ᠤᠳᠤᠷᠢᠳᠬᠤ ᠪᠠᠭ ᠤᠨ ᠪᠦᠷᠢᠯᠳᠦᠬᠦᠨ ᠬᠤᠷᠠᠯ ᠳᠤ | ᠣᠷᠣᠯᠴᠠᠪᠠ᠃ ᠰᠢᠶᠠᠨ ᠤ ᠰᠢᠭᠤᠳ ᠬᠠᠷᠢᠶ᠎ᠠ ᠬᠠᠮᠢᠶ᠎ᠠ ᠪᠦᠬᠦᠢ ᠰᠠᠯᠠᠭ᠎ᠠ ᠮᠥᠴᠢᠷ ᠪᠣᠯᠤᠨ ᠡᠯ᠎ᠡ ᠪᠠᠯᠭᠠᠰᠤ ᠰᠢᠶᠠᠩ | ᠵᠡᠭᠡᠯᠢ ᠭᠤᠳᠤᠮᠵᠢ ᠶᠢᠨ ᠭᠤᠣᠯ ᠬᠠᠷᠢᠭᠤᠴᠠᠯᠭᠠᠲᠠᠨ ᠬᠤᠷᠠᠯ ᠳᠤ ᠰᠤᠯᠠ ᠣᠷᠣᠯᠴᠠᠪᠠ᠃ |