| ᠨᠢᠭᠡ ᠳᠤ᠂ ᠪᠠᠩᠬᠢ ᠶᠢᠨ ᠺᠠᠷᠲ ᠤᠨ ᠬᠡᠷᠡᠭᠯᠡᠯᠲᠡ ᠶᠢ ᠪᠠᠶᠠᠯᠢᠭᠵᠢᠭᠤᠯᠬᠤ ᠪᠠᠷ ᠭᠤᠤᠯ ᠰᠢᠵᠢᠮ ᠪᠣᠯᠭᠠᠵᠤ᠂ ︽ | 1+N︾ ᠬᠤᠯᠪᠣᠭᠠᠯᠠᠨ ᠬᠥᠳᠡᠯᠦᠯᠴᠡᠵᠦ ᠡᠵᠡᠩᠨᠡᠨ ᠪᠣᠷᠣᠯᠠᠭᠤᠯᠬᠤ ᠵᠠᠭᠪᠤᠷ ᠢ ᠪᠠᠶᠢᠭᠤᠯᠵᠤ᠂ ᠣᠶᠤᠨᠴᠢ | ᠲᠠᠯᠠᠪᠠᠶ ᠶᠢᠨ ᠪᠠᠶᠢᠭᠤᠯᠤᠯᠲᠠ᠂ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠶᠢᠨ ᠪᠠᠯᠠ ᠮᠥᠩᠭᠦ ᠶᠢ ᠣᠷᠣᠯᠠᠨ | ᠬᠤᠷᠢᠶᠠᠵᠤ ᠣᠷᠣᠯᠠᠨ ᠲᠠᠷᠬᠠᠭᠠᠬᠤ ᠵᠡᠷᠭᠡ ᠪᠠᠷ ᠳᠠᠮᠵᠢᠭᠤᠯᠤᠨ᠂ ᠡᠯᠧᠺᠲᠷᠣᠨ ᠪᠠᠩᠬᠢ ᠶᠢᠨ ᠪᠦᠳᠦᠭᠡᠭᠳᠡᠭᠦᠨ ᠤ | ᠦᠢᠯᠡᠳᠤᠯ ᠢ ᠪᠠᠳᠠᠷᠠᠭᠤᠯᠤᠨ᠎ᠠ᠃ | ᠬᠤᠶᠠᠷ ᠲᠤ᠂ ᠵᠠᠰᠠᠭ ᠪᠠᠩᠬᠢ ᠶᠢᠨ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠵᠦ᠂ ᠡᠳ᠋ ᠤᠨ ᠵᠠᠰᠠᠭ ᠤᠨ ᠪᠡᠯᠡ | ᠮᠥᠩᠭᠦ ᠶᠢ ᠰᠢᠩᠭᠡᠭᠡᠨ ᠠᠪᠬᠤ ᠶᠢ ᠴᠢᠩᠭᠠᠳᠬᠠᠵᠤ᠂ ᠡᠮᠴᠢᠯᠡᠭᠡᠨ ᠤ ᠳᠠᠭᠠᠳᠬᠠᠯ᠂ ᠬᠥᠮᠦᠨ ᠤ ᠬᠦᠴᠦᠨ ᠤ ᠡᠬᠢ | ᠪᠠᠶᠠᠯᠢᠭ ᠪᠠ ᠨᠡᠶᠢᠭᠡᠮ ᠤᠨ ᠪᠠᠲᠤᠯᠠᠭ᠎ᠠ᠂ ᠡᠳ᠋ ᠤᠨ ᠵᠠᠰᠠᠭ ᠵᠡᠷᠭᠡ ᠰᠠᠯᠠᠭ᠎ᠠ ᠮᠥᠴᠢᠷ ᠲᠠᠢ ᠰᠠᠨᠠᠭᠠᠴᠢᠯᠠᠭ᠎ᠠ ᠠᠴᠠ ᠪᠠᠨ | ᠵᠣᠯᠭᠠᠯᠳᠤᠭᠤᠯᠤᠨ ︽ᠪᠠᠩᠬᠢ ᠡᠮᠴᠢᠯᠡᠭᠡ ᠶᠢ ᠰᠢᠭᠤᠳ ᠬᠤᠯᠪᠣᠬᠤ︾ ᠲᠠᠪᠴᠠᠩ ᠪᠠᠶᠢᠭᠤᠯᠬᠤ᠂ ᠨᠠᠰᠤᠵᠢᠯ ᠤᠨ | ᠳᠠᠭᠠᠳᠬᠠᠯ ᠤᠨ ᠣᠯᠭᠤᠮᠵᠢ ᠶᠢᠨ ᠺᠠᠷᠲ ᠣᠷᠣᠭᠤᠯᠬᠤ᠂ ᠨᠡᠶᠢᠭᠡᠮ ᠤᠨ ᠪᠠᠲᠤᠯᠠᠭ᠎ᠠ ᠶᠢᠨ ᠺᠠᠷᠲ ᠢᠶᠠᠷ ᠠᠴᠢᠶᠠᠯᠠᠪᠤᠷᠢ | ᠪᠣᠯᠭᠠᠨ ᠠᠷᠠᠳ ᠲᠤ ᠠᠰᠢᠭ ᠬᠦᠷᠲᠡᠭᠡᠵᠦ ᠲᠠᠷᠢᠶᠠᠴᠢᠳ ᠲᠤ ᠠᠰᠢᠭ ᠬᠦᠷᠲᠡᠭᠡᠬᠦ ᠡᠳ᠋ ᠤᠨ ᠵᠠᠰᠠᠭ ᠤᠨ ᠨᠥᠬᠦᠪᠥᠷᠢ | ᠵᠡᠷᠭᠡ ᠶᠢ ᠣᠷᠣᠯᠠᠨ ᠣᠯᠭᠤᠬᠤ ᠶᠢ ᠠᠬᠢᠭᠤᠯᠵᠤ᠂ ᠰᠢᠨ᠎ᠡ ᠬᠡᠷᠡᠭᠯᠡᠭᠴᠢ ᠶᠢ ᠪᠦᠯᠦᠭ ᠬᠤᠪᠢᠶᠠᠨ ᠥᠷᠭᠡᠳᠬᠡᠵᠦ᠂ | ᠰᠢᠯᠢᠳᠡᠭ ᠬᠡᠷᠡᠭᠯᠡᠭᠴᠢᠳ ᠤᠨ ᠰᠠᠭᠤᠷᠢ ᠶᠢ ᠪᠠᠬᠢᠵᠢᠭᠦᠯᠦᠨ᠎ᠡ᠃ | ᠭᠤᠷᠪᠠ ᠳᠤ᠂ ᠭᠠᠳᠠᠭᠰᠢ ᠬᠤᠯᠪᠣᠭᠠᠯᠠᠵᠤ ᠭᠠᠳᠠᠭᠰᠢ ᠥᠷᠭᠡᠳᠬᠦ ᠶᠢ ᠭᠦᠨᠵᠡᠭᠡᠶᠢᠷᠡᠭᠦᠯᠵᠦ᠂ ᠭᠤᠣᠯᠳᠠᠯᠭ᠎ᠠ ᠲᠠᠢ | ᠠᠵᠤ ᠦᠢᠯᠡᠰ ᠤᠨ ᠲᠦᠷᠦᠯ ᠵᠦᠢᠯ᠂ ᠠᠵᠤ ᠦᠢᠯᠡᠰ ᠤᠨ ᠬᠡᠯᠬᠢᠶ᠎ᠡ ᠶᠢᠨ ᠡᠵᠡᠩᠨᠡᠯᠲᠡ ᠶᠢᠨ ᠭᠤᠣᠯ ᠴᠣᠭᠴᠠ | ᠵᠡᠷᠭᠡ ᠳᠤ ᠠᠩᠬᠠᠷᠤᠯ ᠢᠶᠠᠨ ᠲᠥᠪᠯᠡᠷᠡᠭᠦᠯᠵᠦ᠂ ᠰᠤᠷᠪᠤᠯᠵᠢᠯᠠᠨ ᠪᠣᠷᠣᠯᠠᠭᠤᠯᠬᠤ ᠨᠡᠪᠴᠢᠯᠲᠡ ᠶᠢᠨ ᠡᠷᠴᠢᠮ ᠢᠶᠠᠨ | ᠴᠢᠩᠭᠠᠷᠠᠭᠤᠯᠵᠤ᠂ ᠬᠡᠷᠩᠯᠡᠭᠴᠢᠳ ᠤᠨ ᠭᠤᠣᠯ ᠴᠣᠭᠴᠠ᠂ ᠬᠤᠯᠪᠣᠭᠳᠠᠯ ᠪᠦᠬᠦᠢ ᠳᠡᠭᠡᠳᠦ ᠳᠣᠣᠷᠠᠳᠤ ᠤᠷᠤᠰᠬᠠᠯ ᠤᠨ | ᠬᠡᠷᠩᠯᠡᠭᠴᠢᠳ ᠵᠡᠷᠭᠡ ᠶᠢᠨ ᠲᠣᠭᠤᠷᠢᠨ ᠳᠤ ︽ᠠᠯᠪᠠᠨ ᠠᠴᠠ ᠣᠷᠣᠯᠠᠨ ᠲᠠᠷᠬᠠᠭᠠᠬᠤ᠂ ᠬᠤᠷᠢᠶᠠᠬᠤ ᠬᠠᠭᠤᠳᠠᠰᠤ ᠶᠢ | ᠥᠷᠭᠡᠳᠬᠡᠨ ᠡᠷᠦᠬᠡ ᠶᠢ ᠥᠷᠭᠡᠳᠬᠡᠬᠦ᠂ ᠵᠢᠭᠡᠯᠡᠯᠭᠡ ᠪᠠᠷ ᠢᠲᠡᠭᠡᠮᠵᠢ ᠣᠯᠭᠤᠬᠤ︾ ᠬᠠᠮ ᠡᠵᠡᠩᠨᠡᠨ ᠪᠣᠷᠣᠯᠠᠭᠤᠯᠬᠤ | ᠵᠠᠭᠪᠤᠷ ᠢ ᠡᠭᠦᠳᠴᠦ᠂ ᠬᠡᠷᠩᠯᠡᠭᠴᠢᠳ ᠤᠨ ᠪᠡᠯᠡ ᠮᠥᠩᠭᠦ ᠶᠢᠨ ᠪᠢᠲᠡᠭᠦᠤ ᠠᠷᠠᠯᠵᠢᠶᠠᠨ ᠤ ᠬᠡᠯᠬᠢᠶ᠎ᠡ ᠶᠢ | ᠪᠦᠷᠢᠯᠳᠦᠭᠦᠯᠵᠦ᠂ ᠬᠠᠳᠠᠭᠠᠯᠠᠮᠵᠢ ᠶᠢᠨ ᠪᠦᠲᠦᠴᠡ ᠶᠢ ᠦᠷᠭᠦᠯᠵᠢᠯᠡᠨ ᠰᠢᠯᠢᠳᠡᠭᠵᠢᠭᠦᠯᠦᠨ᠎ᠡ᠃ | ᠣᠲᠣ ᠪᠣᠯᠲᠠᠯ᠎ᠠ᠂ ᠲᠣᠰ ᠪᠠᠩᠬᠢ ᠶᠢᠨ ᠣᠶᠤᠨᠴᠢ ᠦᠵᠡᠭᠳᠡᠯ ᠤᠨ ᠠᠷᠠᠯᠵᠢᠶᠠᠨ ᠤ ᠵᠣᠭᠤᠰ ᠤᠨ ᠲᠤᠭ᠎ᠠ ᠨᠡᠶᠢᠲᠡ 1. | 36 ᠳ᠋ᠦᠩᠰᠢᠭᠤᠷ ᠲᠥᠭᠦᠷᠢᠭ ᠲᠤ ᠬᠦᠷᠴᠦ᠂ ᠥᠪᠡᠷ ᠤᠨ ᠥᠷᠲᠡᠭ ᠢᠶᠠᠷ ᠳᠣᠤᠷ᠎ᠠ ᠪᠠᠯᠠ ᠮᠥᠩᠭᠦ 1500 ᠭᠠᠷᠤᠶ | ᠲᠦᠮᠡᠨ ᠲᠥᠭᠦᠷᠢᠭ ᠲᠤ ᠬᠦᠷᠴᠡᠶ᠃ 2195 ᠲᠦᠮᠡᠨ ᠬᠥᠮᠦᠨ ᠤ ᠨᠡᠶᠢᠭᠡᠮ ᠤᠨ ᠪᠠᠲᠤᠯᠠᠭ᠎ᠠ ᠶᠢ ᠣᠷᠣᠯᠠᠨ | ᠲᠠᠷᠬᠠᠭᠠᠵᠤ᠂ 7.01 ᠳ᠋ᠦᠩᠰᠢᠭᠤᠷ ᠲᠥᠭᠦᠷᠢᠭ ᠤᠨ ᠪᠠᠯᠠ ᠮᠥᠩᠭᠦ ᠬᠤᠷᠠᠮᠳᠤᠭᠤᠯᠵᠤ᠂ 2.84 ᠳ᠋ᠦᠩᠰᠢᠭᠤᠷ | ᠲᠥᠭᠦᠷᠢᠭ ᠨᠡᠮᠡᠭᠳᠡᠪᠡ᠃ ᠡᠯ᠎ᠡ ᠵᠦᠢᠯ ᠤᠨ ᠬᠠᠳᠠᠭᠠᠯᠠᠮᠵᠢ ᠶᠢᠨ ᠦᠯᠡᠳᠡᠪᠦᠷᠢ 170.85 ᠳ᠋ᠦᠩᠰᠢᠭᠤᠷ | ᠲᠥᠭᠦᠷᠢᠭ ᠲᠤ ᠬᠦᠷᠴᠦ᠂ ᠵᠢᠯ ᠤᠨ ᠡᠬᠢᠨ ᠤ ᠬᠢ ᠠᠴᠠ 13.23 ᠳ᠋ᠦᠩᠰᠢᠭᠤᠷ ᠲᠥᠭᠦᠷᠢᠭ ᠨᠡᠮᠡᠭᠳᠡᠵᠦ᠂ | ᠡᠭᠦᠨ ᠳᠤ ᠳᠣᠣᠷ᠎ᠠ ᠥᠪᠡᠷ ᠤᠨ ᠥᠷᠲᠡᠭ ᠤᠨ ᠬᠠᠳᠠᠭᠠᠯᠠᠮᠵᠢ ᠶᠢᠨ ᠦᠯᠡᠳᠡᠪᠦᠷᠢ 88.14 ᠳ᠋ᠦᠩᠰᠢᠭᠤᠷ | ᠲᠥᠭᠦᠷᠢᠭ ᠲᠤ ᠬᠦᠷᠴᠦ᠂ ᠵᠢᠯ ᠤᠨ ᠡᠬᠢᠨ ᠤ ᠬᠢ ᠠᠴᠠ 6.23 ᠳ᠋ᠦᠩᠰᠢᠭᠤᠷ ᠲᠥᠭᠦᠷᠢᠭ ᠨᠡᠮᠡᠭᠳᠡᠪᠡ᠃ |