| ᠨᠢᠩᠴᠧᠩ ᠰᠢᠶᠠᠨ ᠤᠯᠤᠰ ᠤᠨ ᠰᠢᠨ᠎ᠡ ᠪᠠᠷ ᠨᠡᠮᠡᠭᠳᠡᠭᠰᠡᠨ ᠲᠥᠪ ᠤᠨ ᠪᠡᠯᠡ ᠣᠷᠣᠭᠤᠯᠤᠯᠲᠠ ᠶᠢ ᠥᠷᠭᠡᠳᠬᠡᠬᠦ | ᠲᠦᠷᠦ ᠶᠢᠨ ᠪᠤᠳᠤᠯᠭ᠎ᠠ ᠶᠢᠨ ᠠᠰᠢᠭ ᠲᠤᠰᠠ ᠪᠣᠯᠤᠨ ᠴᠤᠩᠬᠤᠪᠴᠢ ᠶᠢᠨ ᠠᠵᠠ ᠲᠣᠬᠢᠶᠠᠯ ᠢ ᠴᠢᠩᠭ᠎ᠠ ᠡᠵᠡᠮᠳᠡᠵᠦ᠂ | ᠳᠡᠭᠡᠳᠦ ᠱᠠᠲᠤᠨ ᠤ ᠪᠡᠯᠡ ᠮᠥᠩᠭᠦ ᠶᠢ ᠢᠳᠡᠪᠬᠢᠲᠡᠢ ᠲᠡᠮᠡᠴᠡᠨ ᠣᠯᠵᠤ᠂ ᠳᠡᠭᠡᠳᠦ ᠱᠠᠲᠤᠨ ᠤ ᠡᠯ᠎ᠡ ᠲᠦᠷᠦᠯ ᠤᠨ | ᠢᠵᠢ ᠪᠦᠷᠢᠳᠦᠭᠰᠡᠨ ᠲᠦᠷᠦ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠬᠤ ᠠᠷᠭ᠎ᠠ ᠬᠡᠮᠵᠢᠶ᠎ᠡ ᠶᠢ ᠨᠠᠷᠢᠨ ᠬᠢᠨᠠᠮᠠᠭᠠᠢ | ᠲᠥᠯᠥᠪᠵᠢᠭᠦᠯᠵᠦ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠲᠦᠷᠦ ᠶᠢᠨ ᠪᠤᠳᠤᠯᠭ᠎ᠠ ᠶᠢ | ᠨᠠᠶᠢᠳᠠᠪᠤᠷᠢᠵᠢᠭᠤᠯᠬᠤ ᠶᠢ ᠬᠢᠵᠠᠭᠠᠷᠯᠠᠵᠤ ᠪᠠᠶᠢᠭ᠎ᠠ ᠬᠦᠴᠢᠷ ᠠᠰᠠᠭᠤᠳᠠᠯ ᠢ ᠵᠤᠷᠪᠤᠰ ᠳᠠᠷᠠᠭᠠᠯᠠᠨ ᠰᠤᠳᠤᠯᠵᠤ᠂ ᠤᠨᠢᠨ | ᠳᠡᠭᠡᠷ᠎ᠡ ᠨᠢ ᠬᠦᠴᠦᠯᠡᠨ ᠰᠢᠢᠳᠪᠦᠷᠢᠯᠡᠵᠦ᠂ ᠳᠤᠲᠠᠭᠤᠳᠠᠯ ᠪᠠᠭᠤᠷᠠᠢ ᠲᠠᠯ᠎ᠠ ᠪᠠᠨ ᠭᠦᠢᠴᠡᠳ ᠨᠥᠬᠦᠪᠥᠷᠢᠯᠡᠵᠦ᠂ | ᠲᠦᠷᠦ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠬᠤ ᠢᠨᠵᠧᠨᠧᠷᠢᠩ ᠤᠨ ᠨᠠᠶᠢᠳᠠᠪᠤᠷᠢᠵᠢᠭᠤᠯᠤᠯᠲᠠ ᠶᠢᠨ ᠦᠷ᠎ᠡ | ᠪᠦᠲᠦᠮᠵᠢ ᠤᠯᠬᠤ ᠶᠢ ᠠᠬᠢᠭᠤᠯᠤᠨ᠎ᠠ᠃ 2024 ᠣᠨ ᠳᠤ᠂ ᠪᠦᠬᠦ ᠰᠢᠶᠠᠨ ᠢᠶᠠᠷ ᠢᠶᠠᠨ ᠠᠷᠠᠳ ᠤᠨ ᠠᠮᠢᠳᠤᠷᠠᠯ ᠪᠠ | ᠠᠵᠤ ᠠᠬᠤᠢ ᠶᠢᠨ ᠬᠥᠭᠵᠢᠯᠲᠡ ᠳᠤ ᠠᠩᠬᠠᠷᠤᠯ ᠢᠶᠠᠨ ᠲᠥᠪᠯᠡᠷᠡᠭᠦᠯᠵᠦ᠂ ᠤᠯᠠᠨ ᠲᠦᠮᠡᠨ ᠤ ︽ᠵᠣᠪᠠᠨᠢᠯ︾ ᠢ | ᠭᠦᠨᠵᠡᠭᠡᠢ ᠵᠠᠳᠠᠯᠵᠤ᠂ ᠤᠯᠠᠨ ᠲᠦᠮᠡᠨ ᠤ ᠲᠤᠰᠬᠠᠭᠰᠠᠨ ᠠᠰᠠᠭᠤᠳᠠᠯ ᠢ ᠨᠠᠷᠢᠨ ᠬᠢᠨᠠᠮᠠᠭᠠᠢ ᠰᠣᠨᠣᠰᠴᠤ᠂ ᠲᠠᠷᠢᠶᠠᠯᠠᠩ᠂ | ᠠᠷᠠᠳ ᠤᠨ ᠠᠮᠢᠳᠤᠷᠠᠯ᠂ ᠬᠤᠳᠠ ᠶᠢᠨ ᠶᠠᠪᠤᠳᠠᠯ᠂ ᠠᠵᠢᠯ ᠣᠯᠭᠤᠯᠲᠠ ᠪᠠᠷ ᠲᠡᠳᠬᠦᠮᠵᠢ ᠶᠢ ᠣᠷᠣᠯᠠᠭᠤᠯᠬᠤ᠂ | ᠣᠨᠳᠣᠣ ᠭᠠᠵᠠᠷ ᠲᠤ ᠨᠡᠭᠦᠯᠭᠡᠬᠦ ᠵᠡᠷᠭᠡ 18 ᠬᠦᠷᠢᠶᠡᠨ ᠤ ᠲᠦᠷᠦᠯ ᠵᠦᠢᠯ ᠢ ᠰᠦᠪᠡᠭᠴᠢᠯᠡᠨ ᠬᠡᠷᠡᠭᠵᠢᠭᠦᠯᠵᠦ᠂ | ᠶᠡᠷᠦᠩᠬᠡᠢ ᠪᠡᠯᠡ ᠣᠷᠣᠭᠤᠯᠤᠯᠲᠠ ᠨᠢ 7.35 ᠳ᠋ᠦᠩᠰᠢᠭᠤᠷ ᠲᠥᠭᠦᠷᠢᠭ ᠲᠤ ᠬᠦᠷᠴᠦ᠂ ᠤᠯᠤᠰ ᠤᠨ ᠵᠢᠭᠡᠯᠡᠯᠭᠡ ᠪᠠ | ᠳᠡᠭᠡᠳᠦ ᠱᠠᠲᠤᠨ ᠤ ᠲᠦᠷᠦ ᠶᠢᠨ ᠪᠤᠳᠤᠯᠭ᠎ᠠ ᠶᠢᠨ ᠴᠢᠨᠠᠷᠲᠠᠢ ᠪᠡᠯᠡ ᠮᠥᠩᠭᠦ ᠶᠢ 2.85 ᠳ᠋ᠦᠩᠰᠢᠭᠤᠷ ᠲᠥᠭᠦᠷᠢᠭ | ᠣᠯᠵᠤ᠂ ᠡᠭᠦᠨ ᠳᠤ ᠲᠥᠪ ᠤᠨ ᠲᠥᠰᠦᠪ ᠤᠨ ᠪᠡᠯᠡ ᠮᠥᠩᠭᠦ 0.57 ᠳ᠋ᠦᠩᠰᠢᠭᠤᠷ ᠲᠥᠭᠦᠷᠢᠭ᠂ ᠥᠪᠡᠷᠲᠡᠭᠡᠨ | ᠵᠠᠰᠠᠬᠤ ᠣᠷᠣᠨ ᠤ ᠲᠥᠰᠦᠪ ᠤᠨ ᠪᠡᠯᠡ ᠮᠥᠩᠭᠦ 0.32 ᠳ᠋ᠦᠩᠰᠢᠭᠤᠷ ᠲᠥᠭᠦᠷᠢᠭ᠂ ᠤᠯᠤᠰ ᠤᠨ ᠵᠢᠭᠡᠯᠡᠯᠭᠡ ᠶᠢ 0. | 66 ᠳ᠋ᠦᠩᠰᠢᠭᠤᠷ ᠲᠥᠭᠦᠷᠢᠭ᠂ ᠤᠷᠳᠤ ᠬᠤᠭᠤᠴᠠᠭᠠᠨ ᠤ ᠣᠨᠴᠠᠭᠠᠢ ᠤᠯᠤᠰ ᠤᠨ ᠵᠢᠭᠡᠯᠡᠯᠭᠡ ᠶᠢ 1.3 | ᠳ᠋ᠦᠩᠰᠢᠭᠤᠷ ᠲᠥᠭᠦᠷᠢᠭ ᠪᠣᠢ᠃ |