ᠨᠢᠩᠴᠧᠩ ᠰᠢᠶᠠᠨ ᠤ ᠠᠩᠬᠠᠳᠤᠭᠠᠷ ᠬᠤᠭᠤᠴᠠᠭᠠᠨ ᠤ ᠰᠦᠯᠵᠢᠶᠡᠨ ᠳᠡᠭᠡᠷ᠎ᠡ ᠴᠠᠭᠠᠨ ᠰᠠᠷ᠎ᠠ ᠶᠢᠨ ᠪᠠᠷᠠᠭ᠎ᠠ ᠬᠤᠳᠠᠯᠳᠤᠬᠤ ᠠᠵᠢᠯᠯᠠᠭ᠎ᠠ ᠠᠮᠵᠢᠯᠲᠠ ᠲᠠᠢ ᠶᠠᠪᠤᠭᠳᠠᠪᠠ
ᠨᠡᠶᠢᠲᠡᠯᠡᠭᠰᠡᠨ ᠴᠠᠭ᠄
2025/1/7
    ᠰᠦᠯᠵᠢᠶᠡᠨ ᠳᠡᠭᠡᠷ᠎ᠡ ᠴᠠᠭᠠᠨ ᠰᠠᠷ᠎ᠠ ᠶᠢᠨ ᠪᠠᠷᠠᠭ᠎ᠠ ᠬᠤᠳᠠᠯᠳᠤᠬᠤ ᠠᠵᠢᠯᠯᠠᠭ᠎ᠠ ᠶᠢ ᠰᠢᠶᠠᠨ ᠤ ᠬᠤᠳᠠᠯᠳᠤᠭᠠᠨ ᠤ ᠶᠠᠪᠤᠳᠠᠯ ᠪᠠ ᠪᠡᠯᠡ ᠣᠷᠣᠭᠤᠯᠤᠯᠲᠠ ᠶᠢᠨ ᠲᠣᠪᠴᠢᠶ᠎ᠠ ᠠᠴᠠ ᠭᠤᠤᠯᠯᠠᠨ ᠡᠷᠬᠢᠯᠡᠵᠦ᠂ ᠨᠡᠷᠡᠲᠦ ᠰᠦᠯᠵᠢᠶᠡᠨ ᠤ ᠨᠡᠪᠲᠡᠷᠡᠭᠦᠯᠦᠭᠴᠢ ᠤᠯᠠᠭᠠᠨᠬᠠᠳᠠ ᠶᠢᠨ ᠯᠤᠤ ᠴᠢᠨ ᠪᠦᠯᠬᠦᠮ ᠳᠠᠭᠠᠭᠠᠴᠢᠯᠠᠨ ᠡᠷᠬᠢᠯᠡᠪᠡ᠃ ᠲᠤᠰ ᠠᠵᠢᠯᠯᠠᠭ᠎ᠠ ᠨᠢ ᠬᠠᠷ᠎ᠠ ᠠᠷᠢᠬᠢ᠂ ᠳᠡᠯᠳᠡᠦ᠂ ᠳᠣᠯᠣᠨᠤ ᠶᠢᠨ ᠣᠷᠢᠶᠠᠯᠲᠠ᠂ ᠨᠠᠷᠢᠮᠤ ᠵᠡᠷᠭᠡ ᠨᠢᠩᠴᠧᠩ ᠤᠨ ᠲᠠᠷᠢᠶᠠᠯᠠᠩ ᠤᠨ ᠣᠨᠴᠠ ᠭᠠᠷᠤᠯᠲᠠ ᠶᠢ ᠡᠮᠬᠢᠯᠡᠨ ᠨᠡᠶᠢᠯᠡᠭᠦᠯᠵᠦ᠂ ᠰᠢᠭᠤᠳ ᠨᠡᠪᠲᠡᠷᠡᠭᠦᠯᠭᠡ ᠪᠠᠷ ᠪᠠᠷᠠᠭ᠎ᠠ ᠬᠤᠳᠠᠯᠳᠤᠨ᠂ ᠭᠠᠵᠠᠷ ᠣᠷᠣᠨ ᠤ ᠬᠢᠵᠠᠭᠠᠷᠯᠠᠯ ᠢ ᠡᠪᠳᠡᠵᠦ᠂ ᠦᠢᠯᠡᠳᠬᠦᠨ ᠪᠣᠷᠣᠯᠠᠭᠤᠯᠬᠤ ᠠᠷᠭ᠎ᠠ ᠵᠠᠮ ᠢᠶᠠᠨ ᠥᠷᠭᠡᠳᠬᠡᠪᠡ᠃ ᠠᠵᠢᠯᠯᠠᠭ᠎ᠠ ᠶᠢᠨ ᠬᠤᠭᠤᠴᠠᠭᠠᠨ ᠳᠤ᠂ ᠣᠨᠴᠠᠯᠢᠭᠲᠤ ᠲᠠᠷᠢᠶᠠᠯᠠᠩ ᠤᠨ ᠪᠦᠲᠦᠭᠡᠭᠳᠡᠬᠦᠨ ᠤ ᠪᠣᠷᠣᠯᠠᠭᠤᠯᠤᠯᠲᠠ ᠶᠢᠨ ᠬᠡᠮᠵᠢᠶ᠎ᠡ 700 ᠲᠦᠮᠡᠨ ᠲᠥᠭᠦᠷᠢᠭ ᠢ ᠳᠠᠪᠠᠪᠠ᠃ ᠠᠩᠬᠠᠳᠤᠭᠠᠷ ᠬᠤᠭᠤᠴᠠᠭᠠᠨ ᠤ ᠰᠦᠯᠵᠢᠶᠡᠨ ᠳᠡᠭᠡᠷ᠎ᠡ ᠴᠠᠭᠠᠨ ᠰᠠᠷ᠎ᠠ ᠶᠢᠨ ᠪᠠᠷᠠᠭ᠎ᠠ ᠬᠤᠳᠠᠯᠳᠤᠬᠤ ᠠᠵᠢᠯᠯᠠᠭ᠎ᠠ ᠶᠢ ᠠᠮᠵᠢᠯᠲᠠ ᠲᠠᠢ ᠡᠷᠬᠢᠯᠡᠵᠦ᠂ ᠨᠢᠩᠴᠧᠩ ᠰᠢᠶᠠᠨ ᠤ ᠲᠠᠷᠢᠶᠠᠯᠠᠩ ᠤᠨ ᠪᠦᠲᠦᠭᠡᠭᠳᠡᠬᠦᠨ ᠤ ᠲᠦᠷᠦᠯ ᠲᠡᠮᠳᠡᠭ ᠤᠨ ᠨᠥᠯᠥᠭᠡᠯᠡᠬᠦ ᠬᠦᠴᠦᠨ ᠢ ᠤᠯᠠᠮ ᠴᠢᠨᠠᠭᠰᠢᠳᠠ ᠳᠡᠭᠡᠭᠰᠢᠯᠡᠭᠦᠯᠵᠦ᠂ ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠬᠦ ᠪᠠ ᠣᠷᠣᠨ ᠨᠤᠲᠤᠭ ᠤᠨ ᠠᠵᠤ ᠠᠬᠤᠢ ᠶᠢᠨ ᠬᠥᠭᠵᠢᠯᠲᠡ ᠳᠤ ᠰᠢᠨ᠎ᠡ ᠠᠮᠢᠵᠢᠷᠠᠯ ᠤᠨ ᠬᠦᠴᠦᠨ ᠨᠡᠮᠡᠷᠢᠯᠡᠪᠡ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000963号