| | | 1 ᠰᠠᠷ᠎ᠠ ᠶᠢᠨ 6 ᠤ ᠡᠳᠦᠷ ᠤᠨ ᠦᠳᠡ ᠶᠢᠨ ᠡᠮᠦᠨ᠎ᠡ᠂ ᠳᠤᠮᠳᠠᠳᠤ ᠤᠯᠤᠰ ᠤᠨ ᠡᠪ ᠬᠠᠮᠲᠤ ᠨᠠᠮ ᠤᠨ | ᠨᠢᠩᠴᠧᠩ ᠰᠢᠶᠠᠨ ᠤ ᠠᠷᠪᠠᠨ ᠵᠢᠷᠭᠤᠳᠤᠭᠠᠷ ᠬᠤᠭᠤᠴᠠᠭᠠᠨ ᠤ ᠬᠤᠷᠢᠶ᠎ᠠ ᠶᠢᠨ ᠬᠤᠷᠢᠨ ᠵᠢᠷᠭᠤᠳᠤᠭᠠᠷ ᠪᠦᠬᠦᠳᠡ | ᠬᠤᠷᠠᠯ ᠵᠢᠴᠢ ᠪᠦᠬᠦ ᠰᠢᠶᠠᠨ ᠤ ᠠᠵᠤ ᠠᠬᠤᠢ ᠶᠢᠨ ᠠᠵᠢᠯ ᠤᠨ ᠬᠤᠷᠠᠯ ᠬᠤᠷᠠᠯᠳᠤᠵᠤ᠂ ᠬᠤᠷᠠᠯ ᠤᠨ | ᠬᠤᠭᠤᠴᠠᠭ᠎ᠠ ᠨᠢ ᠨᠢᠭᠡ ᠡᠳᠦᠷ ᠪᠣᠯᠤᠨ᠎ᠠ᠃ | | | ᠰᠢᠶᠠᠨ ᠤ ᠨᠠᠮ ᠤᠨ ᠬᠤᠷᠢᠶᠠᠨ ᠤ ᠱᠦᠵᠢ ᠪᠦᠦ ᠠᠶ ᠮᠢᠨ ᠠᠩᠬᠠᠳᠤᠭᠠᠷ ᠤᠳᠠᠭᠠᠨ ᠤ ᠪᠥᠬᠦᠳᠡ ᠬᠤᠷᠠᠯ ᠢ | ᠡᠷᠬᠢᠯᠡᠨ ᠶᠠᠷᠢᠶ᠎ᠠ ᠲᠠᠯᠪᠢᠬᠤ ᠶᠢᠨ ᠬᠠᠮᠲᠦ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶ᠎ᠠ ᠶᠢ | ᠲᠥᠯᠥᠭᠡᠯᠡᠨ ᠪᠥᠬᠦᠳᠡ ᠬᠤᠷᠠᠯ ᠳᠤ ᠠᠵᠢᠯ ᠤᠨ ᠮᠡᠳᠡᠭᠦᠯᠦᠯᠲᠡ ᠬᠢᠪᠡ᠃ ᠰᠢᠶᠠᠨ ᠤ ᠨᠠᠮ ᠤᠨ ᠬᠤᠷᠢᠶᠠᠨ ᠤ ᠳᠡᠳ᠋ | ᠱᠦᠵᠢ᠂ ᠰᠢᠶᠠᠨ ᠤ ᠣᠷᠣᠯᠠᠭᠴᠢ ᠳᠠᠷᠤᠭ᠎ᠠ ᠵᠠᠩ ᠸᠧᠨ ᠽᠧ ᠣᠷᠣᠯᠴᠠᠪᠠ᠃ | ᠡᠨᠡ ᠤᠳᠠᠭ᠎ᠠ ᠶᠢᠨ ᠪᠦᠬᠦᠳᠡ ᠬᠤᠷᠠᠯ ᠤᠨ ᠭᠤᠣᠯ ᠡᠭᠦᠷᠭᠡ ᠪᠣᠯ᠄ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ | ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠬᠤ ᠶᠢ | ᠪᠠᠷᠢᠮᠲᠠᠯᠠᠵᠤ᠂ ᠲᠥᠪ ᠤᠨ ᠠᠵᠤ ᠠᠬᠤᠢ ᠶᠢᠨ ᠠᠵᠢᠯ ᠤᠨ ᠬᠤᠷᠠᠯ᠂ ᠥᠪᠡᠷᠲᠡᠭᠡᠨ ᠵᠠᠰᠠᠬᠤ ᠣᠷᠣᠨ ᠤ ᠨᠠᠮ ᠤᠨ | ᠬᠤᠷᠢᠶ᠎ᠠ ᠶᠢᠨ ᠠᠷᠪᠠᠨ ᠨᠢᠭᠡᠳᠦᠭᠡᠷ ᠬᠤᠭᠤᠴᠠᠭᠠᠨ ᠤ ᠶᠢᠰᠦᠳᠦᠭᠡᠷ ᠪᠦᠬᠦᠳᠡ ᠬᠤᠷᠠᠯ ᠵᠢᠴᠢ ᠪᠦᠬᠦ ᠣᠷᠣᠨ ᠤ ᠠᠵᠤ | ᠠᠬᠤᠢ ᠶᠢᠨ ᠠᠵᠢᠯ ᠤᠨ ᠬᠤᠷᠠᠯ ᠵᠢᠴᠢ ᠬᠤᠳᠠ ᠶᠢᠨ ᠨᠠᠮ ᠤᠨ ᠬᠤᠷᠢᠶ᠎ᠠ ᠶᠢᠨ ᠨᠠᠢᠮᠠᠳᠤᠭᠠᠷ ᠬᠤᠭᠤᠴᠠᠭᠠᠨ ᠤ | ᠨᠠᠢᠮᠠᠳᠤᠭᠠᠷ ᠪᠦᠬᠦᠳᠡ ᠬᠤᠷᠠᠯ ᠵᠢᠴᠢ ᠪᠦᠬᠦ ᠬᠤᠳᠠ ᠶᠢᠨ ᠠᠵᠤ ᠠᠬᠤᠢ ᠶᠢᠨ ᠠᠵᠢᠯ ᠤᠨ ᠬᠤᠷᠠᠯ ᠤᠨ ᠵᠣᠷᠢᠭ | ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠵᠦ᠂ ᠰᠢᠶᠠᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠶᠢᠨ | 2024 ᠣᠨ ᠤ ᠠᠵᠢᠯ ᠤᠨ ᠮᠡᠳᠡᠭᠦᠯᠦᠯᠲᠡ ᠶᠢ ᠰᠣᠨᠣᠰᠴᠤ ᠶᠠᠷᠢᠯᠴᠠᠵᠤ᠂ 2025 ᠣᠨ ᠤ ᠪᠦᠬᠦ ᠰᠢᠶᠠᠨ ᠤ | ᠭᠤᠣᠯᠳᠠᠯᠭ᠎ᠠ ᠲᠠᠢ ᠡᠭᠦᠷᠭᠡ ᠶᠢ ᠲᠤᠬᠢᠷᠠᠭᠤᠯᠤᠨ ᠪᠠᠶᠢᠷᠢᠯᠠᠭᠤᠯᠪᠠ᠃ | | |