| ᠨᠢᠭᠡ ᠳᠤ ᠠᠵᠤ ᠦᠢᠯᠡᠳᠪᠦᠷᠢ ᠶᠢᠨ ᠡᠨᠧᠷᠭᠢ ᠠᠷᠪᠢᠯᠠᠬᠤ ᠪᠠ ᠡᠬᠢ ᠪᠠᠶᠠᠯᠢᠭ ᠢ ᠲᠡᠬᠢᠨ ᠠᠰᠢᠭᠯᠠᠬᠤ ᠶᠢ ᠪᠦᠬᠦ | ᠲᠠᠯ᠎ᠠ ᠪᠠᠷ ᠲᠦᠯᠬᠢᠨ ᠠᠬᠢᠭᠤᠯᠤᠨ᠎ᠠ᠃ ᠲᠡᠳᠬᠦᠮᠵᠢ ᠶᠢᠨ ᠪᠡᠯᠡ ᠮᠥᠩᠭᠦ ᠶᠢ ᠴᠢᠷᠮᠠᠶᠢᠨ ᠣᠯᠵᠤ᠂ ᠠᠵᠤ ᠦᠢᠯᠡᠳᠪᠦᠷᠢ | ᠠᠵᠤ ᠠᠬᠤᠶᠢᠯᠠᠯ ᠤᠨ ᠡᠨᠧᠷᠭᠢ ᠠᠷᠪᠢᠯᠠᠬᠤ ᠤᠰᠤ ᠠᠷᠪᠢᠯᠠᠬᠤ ᠮᠡᠷᠭᠡᠵᠢᠯ ᠤᠨ ᠥᠭᠡᠷᠡᠴᠢᠯᠡᠯᠲᠡ ᠪᠣᠯᠤᠨ ᠡᠬᠢ | ᠪᠠᠶᠠᠯᠢᠭ ᠢ ᠶᠡᠷᠦᠩᠬᠡᠶᠢᠯᠡᠨ ᠠᠰᠢᠭᠯᠠᠬᠤ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠬᠢᠬᠦ ᠶᠢ ᠵᠤᠷᠢᠭᠵᠢᠭᠤᠯᠤᠨ᠎ᠠ | ᠃ ᠡᠭᠦᠨ ᠤ ᠬᠠᠮᠲᠤ ᠵᠦᠩ ᠲᠠᠩ ᠣᠨᠴᠠ ᠪᠤᠯᠤᠳ᠂ ᠵᠢᠶᠠᠨ ᡁᠢ ᠬᠤᠭᠤᠯᠠᠢ ᠲᠤᠨᠤᠭ ᠤᠨ ᠦᠢᠯᠡᠰ ᠵᠡᠷᠭᠡ ᠠᠵᠤ | ᠠᠬᠤᠶᠢᠯᠠᠯ ᠢ ᠬᠥᠲᠥᠯᠦᠨ ᠵᠢᠯᠣᠭᠤᠳᠴᠤ ᠪᠠᠶᠢᠭᠠᠳ ᠲᠠᠷᠬᠠᠯᠲᠠ ᠶᠢᠨ ᠬᠡᠯᠪᠡᠷᠢ ᠶᠢᠨ ᠬᠡᠷᠡᠯ ᠴᠡᠨᠡᠭ᠂ ᠰᠠᠯᠬᠢᠨ | ᠬᠦᠴᠦᠨ ᠤ ᠴᠠᠬᠢᠯᠭᠠᠨ ᠭᠠᠷᠭᠠᠬᠤ ᠪᠡᠯᠡᠳᠬᠡᠮᠵᠢ ᠶᠢᠨ ᠪᠥᠲᠥᠭᠡᠨ ᠪᠠᠶᠢᠭᠤᠯᠤᠯᠲᠠ ᠶᠢ ᠥᠷᠨᠢᠭᠦᠯᠵᠦ᠂ ᠪᠣᠬᠢᠷᠲᠤᠯ | ᠥᠬᠡᠶ ᠴᠠᠬᠢᠯᠭᠠᠨ ᠢᠶᠠᠷ ᠣᠷᠣᠯᠠᠭᠤᠯᠤᠨ᠎ᠠ᠃ ᠠᠵᠤ ᠠᠬᠤᠶᠢᠯᠠᠯ ᠢ ᠵᠣᠬᠢᠶᠠᠨ ᠪᠠᠶᠢᠭᠤᠯᠵᠤ ᠰᠠᠶᠢᠨ ᠳᠤᠷ᠎ᠠ ᠶᠢᠨ | ᠴᠢᠨᠠᠷᠲᠠᠶ ᠴᠡᠪᠡᠷ ᠦᠢᠯᠡᠳᠪᠦᠷᠢᠯᠡᠯ ᠤᠨ ᠬᠢᠨᠠᠨ ᠬᠠᠷᠭᠤᠭᠤᠯᠤᠯᠲᠠ ᠶᠢ ᠥᠷᠨᠢᠭᠦᠯᠦᠨ᠎ᠡ᠃ 2024 ᠣᠨ ᠳᠤ᠂ ᠠᠵᠤ | ᠠᠬᠤᠶᠢᠯᠠᠯ ᠤᠨ ᠡᠨᠧᠷᠭᠢ ᠠᠷᠪᠢᠯᠠᠬᠤ ᠮᠡᠷᠭᠡᠵᠢᠯ ᠤᠨ ᠥᠭᠡᠷᠡᠴᠢᠯᠡᠯᠲᠡ ᠶᠢᠨ ᠲᠦᠷᠦᠯ ᠵᠦᠢᠯ 1᠂ ᠡᠬᠢ ᠪᠠᠶᠠᠯᠢᠭ ᠢ | ᠶᠡᠷᠦᠩᠬᠡᠶᠢᠯᠡᠨ ᠠᠰᠢᠭᠯᠠᠬᠤ ᠲᠦᠷᠦᠯ ᠵᠦᠢᠯ 1 ᠶᠢ ᠬᠡᠷᠡᠭᠵᠢᠭᠦᠯᠬᠦ ᠶᠢ ᠠᠬᠢᠭᠤᠯᠵᠤ᠂ 751 ᠲᠦᠮᠡᠨ ᠲᠥᠭᠦᠷᠢᠭ ᠤᠨ | ᠲᠡᠳᠬᠦᠮᠵᠢ ᠶᠢᠨ ᠪᠡᠯᠡ ᠮᠥᠩᠭᠦ ᠶᠢ ᠴᠢᠷᠮᠠᠶᠢᠨ ᠣᠯᠪᠠ᠃ | ᠬᠤᠶᠠᠷ ᠲᠤ᠂ ᠪᠣᠬᠢᠷᠲᠤᠯ ᠥᠬᠡᠶ ᠦᠢᠯᠡᠳᠬᠦ ᠵᠢᠱᠢᠶ᠎ᠡ ᠦᠵᠡᠭᠦᠯᠬᠦ ᠨᠢᠭᠡᠴᠡ ᠶᠢ ᠥᠨᠳᠥᠷ ᠪᠠᠷᠢᠮᠵᠢᠶ᠎ᠠ ᠪᠠᠷ | ᠪᠤᠶᠢᠵᠢᠭᠤᠯᠤᠨ᠎ᠠ᠃ ᠪᠣᠬᠢᠷᠲᠤᠯ ᠦᠭᠡᠶ ᠦᠢᠯᠡᠳᠬᠦ ᠵᠢᠱᠢᠶ᠎ᠡ ᠦᠵᠡᠭᠦᠯᠬᠦ ᠨᠢᠭᠡᠴᠡ ᠶᠢᠨ ᠪᠤᠶᠢᠵᠢᠭᠤᠯᠬᠤ | ᠲᠥᠯᠥᠪᠯᠡᠭᠡ ᠶᠢ ᠲᠣᠭᠲᠠᠭᠠᠵᠤ᠂ ᠮᠡᠳᠡᠭᠦᠯᠬᠦ ᠨᠥᠬᠦᠴᠡᠯ᠂ ᠰᠢᠯᠭᠠᠷᠠᠭᠤᠯᠬᠤ ᠴᠤᠪᠤᠷᠠᠯ ᠪᠣᠯᠤᠨ ᠱᠠᠩᠨᠠᠬᠤ ᠠᠷᠭ᠎ᠠ | ᠬᠡᠮᠵᠢᠶ᠎ᠡ ᠶᠢ ᠲᠣᠳᠣᠷᠬᠠᠶᠢᠯᠠᠨ᠎ᠠ᠃ ᠡᠨᠧᠷᠭᠢ ᠶᠢᠨ ᠬᠠᠮᠢᠶᠠᠷᠤᠯᠲᠠ᠂ ᠠᠷᠢᠭᠤᠨ ᠴᠡᠪᠡᠷ ᠦᠢᠯᠡᠳᠪᠦᠷᠢᠯᠡᠯ᠂ ᠪᠣᠬᠢᠷᠲᠤᠯ | ᠥᠬᠡᠶ ᠵᠢᠷᠤᠭ ᠲᠥᠯᠥᠪᠯᠡᠭᠡ ᠵᠡᠷᠭᠡ ᠣᠯᠠᠨ ᠲᠠᠯ᠎ᠠ ᠠᠴᠠ ᠪᠠᠷᠢᠮᠵᠢᠶ᠎ᠠ ᠶᠢ ᠴᠢᠩᠭ᠎ᠠ ᠲᠣᠭᠲᠠᠭᠠᠵᠤ᠂ ᠨᠥᠬᠦᠴᠡᠯ ᠲᠠᠢ ᠪᠠ | ᠳᠠᠯᠳᠠ ᠬᠦᠴᠦᠨ ᠲᠠᠢ ᠠᠵᠤ ᠠᠬᠤᠶᠢᠯᠠᠯ ᠢ ᠰᠢᠭᠰᠢᠨ ᠰᠣᠩᠭᠤᠵᠤ ᠭᠤᠤᠯᠳᠠᠯᠭ᠎ᠠ ᠲᠠᠢ ᠪᠤᠶᠢᠵᠢᠭᠤᠯᠤᠨ᠎ᠠ᠃ ᠠᠵᠤ | ᠠᠬᠤᠶᠢᠯᠠᠯ ᠢ ᠵᠣᠬᠢᠶᠠᠨ ᠪᠠᠶᠢᠭᠤᠯᠤᠨ ᠪᠠᠷᠢᠮᠵᠢᠶ᠎ᠠ ᠲᠠᠢ ᠬᠠᠷᠢᠴᠠᠭᠤᠯᠤᠨ᠂ ᠰᠢᠰᠲ᠋ᠧᠮᠵᠢ ᠶᠢᠨ ᠪᠠᠶᠢᠭᠤᠯᠤᠯᠲᠠ ᠪᠠ | ᠪᠣᠬᠢᠷᠲᠤᠯ ᠥᠬᠡᠶ ᠰᠠᠭᠤᠷᠢ ᠨᠥᠬᠦᠴᠡᠯ ᠢ ᠲᠡᠭᠦᠯᠳᠡᠷᠵᠢᠭᠦᠯᠵᠦ᠂ ᠭᠤᠶᠤᠴᠢᠯᠠᠨ ᠮᠡᠳᠡᠭᠦᠯᠬᠦ ᠪᠡᠯᠡᠳᠬᠡᠯ ᠠᠵᠢᠯ ᠢ | ᠥᠷᠨᠢᠭᠦᠯᠦᠨ᠎ᠡ᠃ 2024 ᠣᠨ ᠳᠤ ᠵᠢᠩ ᠬᠠᠩ ᠣᠨᠴᠠ ᠨᠡᠭᠦᠷᠡᠰᠦᠲᠥ᠋ᠷᠥᠭᠴᠢ᠂ ᠵᠢᠶᠠᠨ ᡁᠢ ᠬᠤᠭᠤᠯᠠᠢ | ᠲᠤᠨᠤᠭ ᠤᠨ ᠦᠢᠯᠡᠰ ᠵᠡᠷᠭᠡ ᠥᠪᠡᠷᠲᠡᠭᠡᠨ ᠵᠠᠰᠠᠬᠤ ᠣᠷᠣᠨ ᠤ ᠲᠠᠰ ᠤᠨ ᠪᠣᠬᠢᠷᠲᠤᠯ ᠥᠬᠡᠶ ᠦᠢᠯᠡᠳᠪᠦᠷᠢ ᠶᠢ | ᠰᠢᠨ᠎ᠡ ᠪᠠᠷ 4 ᠨᠡᠮᠡᠭᠳᠡᠭᠦᠯᠪᠡ᠃ | ᠭᠤᠷᠪᠠ ᠳᠤ᠂ ᠭᠦᠨ ᠳᠠᠪᠬᠤᠷᠭ᠎ᠠ ᠳᠤ ᠡᠨᠧᠷᠭᠢ ᠣᠯᠭᠤᠬᠤ ᠠᠵᠤ ᠠᠬᠤᠶᠢᠯᠠᠯ ᠤᠨ ᠲᠣᠭᠠᠴᠢᠯᠠᠯᠲᠠ ᠶᠢᠨ | ᠬᠡᠯᠪᠡᠷᠢ ᠪᠠᠨ ᠬᠤᠪᠢᠷᠠᠭᠤᠯᠤᠨ᠎ᠠ᠃ ᠳ᠋ᠦᠩ ᠹᠠᠩ ᠸᠠᠨ ᠴᠢ᠂ ᠴᠢᠨ ᠹᠧᠩ ᠬᠡᠢ ᠪᠡᠶᠡᠲᠦ ᠵᠡᠷᠭᠡ ᠠᠵᠤ ᠠᠬᠤᠶᠢᠯᠠᠯ ᠤᠨ | ᠮᠡᠳᠡᠭᠡ ᠵᠠᠩᠭᠢᠵᠢᠯᠲᠠ ᠶᠢᠨ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢ ᠠᠬᠢᠭᠤᠯᠤᠨ᠎ᠠ᠃ ᠬᠡᠪᠴᠢᠶᠡᠵᠢᠯ ᠠᠴᠠ | ᠳᠡᠭᠡᠭᠰᠢᠬᠢ 33 ᠠᠵᠤ ᠠᠬᠤᠶᠢᠯᠠᠯ ᠢ ᠵᠣᠬᠢᠶᠠᠨ ᠪᠠᠶᠢᠭᠤᠯᠤᠨ ᠠᠵᠤ ᠦᠢᠯᠡᠳᠪᠦᠷᠢᠵᠢᠯᠲᠡ ᠬᠢᠭᠡᠳ ᠮᠡᠳᠡᠭᠡ | ᠵᠠᠩᠭᠢᠵᠢᠯᠲᠠ ᠶᠢᠨ ᠠᠭᠤᠰᠤᠯᠴᠠᠨ ᠰᠦᠯᠵᠢᠶᠡᠨ ᠳᠡᠭᠡᠷᠡᠬᠢ ᠦᠨᠡᠯᠡᠨ ᠵᠢᠱᠢᠵᠦ ᠣᠨᠣᠰᠢᠯᠠᠬᠤ ᠳᠤ ᠣᠷᠣᠯᠴᠠᠭᠤᠯᠵᠤ᠂ | ᠠᠵᠤ ᠠᠬᠤᠶᠢᠯᠠᠯ ᠤᠨ ᠲᠣᠭᠠᠴᠢᠯᠠᠭᠰᠠᠨ ᠬᠥᠭᠵᠢᠯᠲᠡ ᠶᠢᠨ ᠬᠢᠷᠢ ᠲᠦᠪᠰᠢᠨ ᠢ ᠲᠣᠳᠣᠷᠬᠠᠶ ᠣᠶᠢᠯᠠᠭᠠᠨ᠎ᠠ᠃ ᠡᠭᠦᠨ ᠤ | ᠬᠠᠮᠲᠤ ᠪᠦᠷᠢᠨ ᠲᠡᠭᠦᠯᠳᠡᠷ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠰᠦᠯᠵᠢᠶᠡᠨ ᠤ ᠠᠮᠤᠷ ᠲᠦᠪᠰᠢᠨ ᠤ | ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠪᠡᠯᠡᠳᠬᠡᠯ ᠲᠥᠰᠦᠯ ᠢ ᠲᠣᠭᠲᠠᠭᠠᠵᠤ᠂ ᠪᠠᠴᠢᠮ ᠪᠠᠶᠢᠳᠠᠯ ᠢ | ᠠᠷᠭᠠᠴᠠᠬᠤ ᠶᠠᠪᠤᠴᠠ᠂ ᠬᠠᠷᠢᠭᠤᠴᠠᠯᠭ᠎ᠠ ᠶᠢᠨ ᠬᠤᠪᠢᠶᠠᠷᠢᠯᠠᠯ ᠬᠢᠭᠡᠳ ᠰᠢᠢᠳᠪᠦᠷᠢᠯᠡᠬᠦ ᠠᠷᠭ᠎ᠠ ᠬᠡᠮᠵᠢᠶ᠎ᠡ ᠶᠢ | ᠲᠣᠳᠣᠷᠬᠠᠶᠢᠯᠠᠪᠠ᠃ ᠣᠳᠣᠬᠠᠨ ᠳᠤ᠂ ᠠᠵᠤ ᠠᠬᠤᠶᠢᠯᠠᠯ ᠢ ᠰᠢᠮᠳᠠᠭᠤᠯᠵᠤ ᠪᠠᠶᠢᠭᠠᠳ ᠰᠦᠯᠵᠢᠶᠡᠨ ᠤ ᠠᠮᠤᠷ | ᠲᠦᠪᠰᠢᠨ ᠤ ᠲᠦᠭᠰᠢᠭᠦᠷᠢ ᠶᠢᠨ ᠳᠤᠲᠠᠭᠳᠠᠯ ᠢ ᠴᠠᠭ ᠲᠤᠬᠠᠶ ᠳᠤᠨᠢ 3 ᠤᠳᠠᠭ᠎ᠠ ᠰᠢᠢᠳᠪᠤᠷᠢᠯᠡᠪᠡ᠃ | |