| 2025 ᠣᠨ ᠤ 1 ᠰᠠᠷ᠎ᠠ ᠶᠢᠨ 1 ᠤ ᠡᠳᠦᠷ ᠠᠴᠠ 2 ᠰᠠᠷ᠎ᠠ ᠶᠢᠨ 1 ᠤ ᠡᠳᠦᠷ ︽︿2025 ᠣᠨ ᠤ ᠪᠥᠬᠦ | ᠤᠯᠤᠰ ᠤᠨ ᠰᠦᠯᠵᠢᠶᠡᠨ ᠳᠡᠭᠡᠷᠡᠬᠢ ᠪᠠ ᠴᠠᠭᠠᠨ ᠰᠠᠷ᠎ᠠ ᠶᠢᠨ ᠪᠠᠷᠠᠭᠠᠨ ᠤ ᠪᠠᠶᠠᠷ﹀ ᠢ ᠥᠷᠨᠢᠭᠦᠯᠬᠦ ᠲᠤᠬᠠᠶ | ᠬᠤᠳᠠᠯᠳᠤᠭᠠᠨ ᠤ ᠶᠠᠪᠤᠳᠠᠯ ᠤᠨ ᠶᠠᠮᠤᠨ ᠤ ᠮᠡᠳᠡᠭᠳᠡᠯ︾ ᠪᠠ ᠤᠯᠠᠭᠠᠨᠬᠠᠳᠠ ᠬᠤᠲᠠ ᠶᠢᠨ ᠬᠤᠳᠠᠯᠳᠤᠭᠠᠨ ᠤ | ᠶᠠᠪᠤᠳᠠᠯ ᠤᠨ ᠬᠠᠮᠢᠶ᠎ᠠ ᠪᠥᠬᠦᠶ ᠪᠢᠴᠢᠭ ᠮᠠᠲ᠋ᠧᠷᠢᠶᠠᠯ ᠤᠨ ᠱᠠᠭᠠᠷᠳᠠᠯᠭ᠎ᠠ ᠶᠢ ᠦᠨᠳᠦᠰᠦᠯᠡᠨ᠂ ᠨᠢᠩᠴᠧᠩ ᠰᠢᠶᠠᠨ ᠤ | ᠬᠤᠳᠠᠯᠳᠤᠭᠠᠨ ᠤ ᠶᠠᠪᠤᠳᠠᠯ ᠪᠠ ᠪᠠᠯᠠ ᠣᠷᠣᠭᠤᠯᠤᠯᠲᠠ ᠶᠢ ᠠᠬᠢᠭᠤᠯᠬᠤ ᠲᠣᠪᠴᠢᠶ᠎ᠠ ᡁᠢ ᠶᠦᠩ ᠠᠮᠤ ᠪᠤᠳᠠᠭᠠᠨ ᠤ | ᠦᠢᠯᠡᠰ᠂ ᠰᠠᠢ ᠹᠸᠢ ᠶᠠ ᠵᠡᠷᠭᠡ 4 ᠠᠵᠤ ᠠᠬᠤᠶᠢᠯᠠᠯ ᠢ ᠵᠣᠬᠢᠶᠠᠨ ᠪᠠᠶᠢᠭᠤᠯᠵᠤ ᠲᠣᠰ ᠤᠳᠠᠭᠠᠨ ᠤ ᠰᠦᠯᠵᠢᠶᠡᠨ | ᠳᠡᠭᠡᠷᠡᠬᠢ ᠴᠠᠭᠠᠨ ᠰᠠᠷ᠎ᠠ ᠶᠢᠨ ᠪᠠᠷᠠᠭᠠᠨ ᠤ ᠨᠠᠶᠢᠷ ᠤᠨ ᠠᠵᠢᠯᠯᠠᠭ᠎ᠠ ᠳᠤ ᠣᠷᠣᠯᠴᠠᠭᠤᠯᠪᠠ᠃ ᠲᠣᠰ ᠤᠳᠠᠭᠠᠨ ᠤ | ᠠᠵᠢᠯᠯᠠᠭ᠎ᠠ ᠨᠢ ᠬᠤᠳᠠᠯᠳᠤᠭᠠᠴᠢᠳ ᠢ ᠬᠠᠪᠰᠤᠷᠤᠨ ᠰᠢᠭᠤᠳ ᠨᠡᠪᠲᠡᠷᠡᠭᠦᠯᠭᠡ ᠶᠢᠨ ᠲᠠᠪᠴᠠᠩ ᠳᠤ ᠣᠷᠣᠭᠤᠯᠬᠤ᠂ | ᠡᠯᠧᠺᠲᠷᠣᠨ ᠬᠤᠳᠠᠯᠳᠤᠭᠠᠨ ᠤ ᠭᠤᠤᠯ ᠰᠡᠳᠦᠪᠲᠦ ᠪᠣᠷᠣᠯᠠᠭᠤᠯᠭ᠎ᠠ ᠶᠢ ᠠᠬᠢᠭᠤᠯᠬᠤ ᠠᠵᠢᠯᠯᠠᠭ᠎ᠠ ᠵᠡᠷᠭᠡ | ᠠᠵᠢᠯᠯᠠᠭ᠎ᠠ ᠪᠠᠷ ᠳᠠᠮᠵᠢᠭᠤᠯᠤᠨ᠂ 41 ᠵᠤᠶᠢᠯ ᠤᠨ ᠪᠦᠳᠦᠭᠡᠭᠳᠡᠭᠦᠨ ᠢ ᠰᠦᠯᠵᠢᠶᠡᠨ ᠳᠡᠭᠡᠷ᠎ᠡ ᠪᠣᠷᠣᠯᠠᠭᠤᠯᠬᠤ ᠶᠢ | ᠠᠬᠢᠭᠤᠯᠵᠤ᠂ ᠠᠵᠢᠯᠯᠠᠭ᠎ᠠ ᠶᠢᠨ ᠬᠤᠭᠤᠴᠠᠭᠠᠨ ᠳᠤ ᠵᠠᠬᠢᠶᠠᠯᠠᠭ᠎ᠠ ᠶᠢᠨ ᠲᠤᠭ᠎ᠠ 4 ᠲᠦᠮᠡ ᠭᠠᠷᠤᠶ ᠪᠣᠯᠵᠣ᠂ 200 | ᠭᠠᠷᠤᠶ ᠲᠦᠮᠡᠨ ᠲᠥᠭᠦᠷᠢᠭ ᠤᠨ ᠪᠣᠷᠣᠯᠠᠭᠤᠯᠭ᠎ᠠ ᠶᠢ ᠪᠡᠶᠡᠯᠡᠭᠦᠯᠪᠡ᠃ |