| ᠣᠶᠢᠷ᠎ᠠ ᠳᠤ᠂ ᠨᠢᠩᠴᠧᠩ ᠰᠢᠶᠠᠨ ᠤ 2025 ᠣᠨ ᠤ ᠴᠠᠭᠠᠨ ᠰᠠᠷ᠎ᠠ ᠶᠢᠨ ᠶᠠᠩᠭᠠᠷ ᠪᠦᠵᠢᠭ ᠵᠢᠴᠢ ᠪᠣᠳᠠᠰ ᠤᠨ | ᠪᠤᠰᠤ ᠰᠣᠶᠣᠯ ᠤᠨ ᠥᠪ ᠤᠨ ᠲᠣᠭᠤᠷᠢᠨ ᠵᠤᠭᠠᠴᠠᠬᠤ ᠲᠣᠭᠯᠠᠯᠲᠠ ᠨᠢᠩᠴᠧᠩ ᠰᠢᠶᠠᠨ ᠤ ᠲᠢᠶᠠᠨ ᠢ ᠪᠠᠯᠭᠠᠰᠤᠨ ᠳᠤ | ᠶᠠᠪᠤᠭᠳᠠᠪᠠ᠃ ᠲᠤᠰ ᠤᠳᠠᠭᠠᠨ ᠤ ᠠᠵᠢᠯᠯᠠᠭ᠎ᠠ ᠨᠢ ︽ᠤᠮᠠᠷᠠᠲᠤ ᠬᠢᠯᠢ ᠶᠢᠨ ᠰᠣᠶᠣᠯ ᠢ ᠪᠠᠳᠠᠷᠠᠭᠤᠯᠵᠤ ᠪᠣᠳᠠᠰ ᠤᠨ | ᠪᠤᠰᠤ ᠰᠣᠶᠣᠯ ᠤᠨ ᠥᠪ ᠤᠨ ᠷᠢᠳᠢ ᠰᠢᠳᠢ ᠶᠢ ᠢᠯᠡᠷᠡᠭᠦᠯᠬᠦ︾ ᠪᠠᠷ ᠭᠤᠣᠯ ᠰᠡᠳᠦᠪ ᠪᠣᠯᠭᠠᠭᠰᠠᠨ ᠪᠥᠭᠡᠳ | ᠨᠢᠩᠴᠧᠩ ᠰᠢᠶᠠᠨ ᠤ ᠲᠡᠦᠬᠡᠨ ᠠᠴᠠ ᠨᠠᠭᠠᠰᠢᠬᠢ ᠬᠡᠪᠴᠢᠶ᠎ᠡ ᠪᠠᠷ ᠬᠠᠮᠤᠭ ᠤᠨ ᠶᠡᠭᠡ ᠲᠥᠪᠯᠡᠷᠡᠯ ᠤᠨ ᠴᠢᠨᠠᠷᠲᠠᠢ | ᠪᠣᠳᠠᠰ ᠤᠨ ᠪᠤᠰᠤ ᠰᠣᠶᠣᠯ ᠤᠨ ᠥᠪ ᠤᠨ ᠦᠵᠡᠭᠦᠯᠭᠡ ᠶᠢᠨ ᠲᠣᠭᠯᠠᠯᠲᠠ ᠪᠣᠯᠤᠨ᠎ᠠ᠃ ᠰᠢᠶᠠᠨ ᠤ ᠳᠣᠲᠣᠷᠠᠬᠢ 23 | ᠰᠠᠯᠪᠤᠷᠢ ᠣᠯᠠᠨ ᠲᠦᠮᠡᠨ ᠤ ᠤᠳᠬ᠎ᠠ ᠤᠷᠠᠯᠢᠭ ᠤᠨ ᠪᠦᠯᠬᠦᠮ ᠤᠨ ᠪᠣᠳᠠᠰ ᠤᠨ ᠪᠤᠰᠤ ᠰᠣᠶᠣᠯ ᠤᠨ ᠥᠪ ᠤᠨ | ᠲᠥᠯᠥᠭᠡᠯᠡᠬᠦ ᠴᠢᠨᠠᠷᠲᠠᠶ ᠤᠯᠠᠮᠵᠢᠯᠠᠭᠴᠢ᠂ ᠠᠷᠠᠳ ᠤᠨ ᠤᠷᠠᠯᠢᠭᠴᠢᠨ ᠪᠣᠯᠤᠨ ᠣᠯᠠᠨ ᠲᠦᠮᠡᠨ ᠤ ᠤᠳᠬ᠎ᠠ | ᠤᠷᠠᠯᠢᠭ ᠤᠨ ᠳᠤᠷ᠎ᠠ ᠪᠠᠭ᠋ᠠᠲᠠᠨ ᠢᠶᠠᠷ ᠪᠦᠷᠢᠯᠳᠦᠭᠰᠡᠨ ᠦᠵᠡᠭᠦᠯᠦᠯᠭᠡ ᠶᠢᠨ ᠲᠣᠭᠯᠠᠯᠲᠠ ᠶᠢᠨ ᠠᠩᠭᠢ ᠣᠯᠠᠨ | ᠲᠦᠮᠡᠨ ᠳᠤ ᠨᠢᠭᠡᠨ ᠤᠳᠠᠭᠠᠨ ᠤ ᠭᠤᠶᠢᠳᠠ ᠰᠠᠶᠢᠬᠠᠨ ᠰᠣᠶᠣᠯ ᠤᠨ ᠦᠪᠡᠳᠡᠭᠰᠢ ᠨᠠᠶᠢᠷ ᠢ ᠬᠦᠷᠲᠡᠭᠡᠪᠡ᠃ | ᠣᠳᠣᠬᠠᠨ ᠳᠤ᠂ ᠠᠵᠢᠯᠯᠠᠭ᠎ᠠ ᠨᠢ ᠰᠢᠨᠬᠤᠸᠠ ᠬᠤᠷᠢᠶ᠎ᠠ᠂ ᠳᠤᠮᠳᠠᠳᠤ ᠤᠯᠤᠰ ᠤᠨ ᠰᠣᠨᠢᠨ ᠮᠡᠳᠡᠭᠡ᠂ ᠲᠥᠪ | ᠲᠧᠯᠸᠢᠰ ᠤᠨ ᠰᠣᠨᠢᠨ ᠮᠡᠳᠡᠭᠡ᠂ ᠠᠷᠠᠳ ᠤᠨ ᠡᠳᠦᠷ ᠤᠨ ᠰᠣᠨᠢᠨ᠂ ᠳᠤᠮᠳᠠᠳᠤ ᠤᠯᠤᠰ ᠤᠨ ᠡᠳᠦᠷ ᠤᠨ ᠰᠣᠨᠢᠨ᠂ | ᠰᠢᠨᠬᠤᠸᠠ ᠰᠦᠯᠵᠢᠶ᠎ᠡ ᠪᠣᠯᠤᠨ ᠥᠪᠥᠷ ᠮᠣᠩᠭᠤᠯ ᠤᠨ ᠣᠳᠣᠨ ᠲᠧᠯᠸᠢᠰ᠂ ᠥᠪᠥᠷ ᠮᠣᠩᠭᠤᠯ ᠤᠨ ᠡᠳᠦᠷ ᠤᠨ | ᠰᠣᠨᠢᠨ ᠵᠡᠷᠭᠡ ᠤᠯᠤᠰ᠂ ᠥᠪᠡᠷᠲᠡᠭᠡᠨ ᠵᠠᠰᠠᠬᠤ ᠣᠷᠣᠨ᠂ ᠬᠤᠲᠠ ᠶᠢᠨ 20 ᠭᠠᠷᠤᠶ ᠭᠤᠤᠯ ᠵᠠᠭᠤᠴᠢᠯᠠᠭᠤᠷ ᠪᠣᠯᠤᠨ | ᠠᠵᠢᠯ ᠲᠥᠷᠥᠯ ᠤᠨ ᠵᠠᠭᠤᠴᠢᠯᠠᠭᠤᠷ ᠤᠨ ᠠᠩᠬᠠᠷᠤᠯ ᠵᠢᠴᠢ ᠮᠡᠳᠡᠭᠡᠯᠡᠯ ᠢ ᠬᠦᠷᠲᠡᠵᠦ᠂ ᠨᠡᠶᠢᠲᠡ 300 ᠭᠠᠷᠤᠶ | ᠲᠦᠮᠡᠨ ᠬᠥᠮᠦᠨ ᠤᠳᠠᠭ᠎ᠠ ᠳᠤ ᠬᠦᠷᠴᠡᠢ᠃ |