︽ᠨᠢᠩᠴᠧᠩ ᠤᠨ ᠪᠣᠳᠠᠰ ᠤᠨ ᠪᠤᠰᠤ ᠰᠣᠶᠣᠯ ᠤᠨ ᠥᠪ︾ ᠤᠨ ᠲᠣᠭᠤᠷᠢᠨ ᠲᠣᠭᠯᠠᠬᠤ ᠠᠵᠢᠯᠯᠠᠭ᠎ᠠ ᠶᠢ ᠪᠥᠬᠦ ᠤᠯᠤᠰ ᠤᠨ 20 ᠭᠠᠷᠤᠢ ᠵᠠᠭᠤᠴᠢᠯᠠᠭᠤᠷ ᠮᠡᠳᠡᠭᠡᠯᠡᠪᠡ
ᠨᠡᠶᠢᠲᠡᠯᠡᠭᠰᠡᠨ ᠴᠠᠭ᠄
2025/2/13
    ᠣᠶᠢᠷ᠎ᠠ ᠳᠤ᠂ ᠨᠢᠩᠴᠧᠩ ᠰᠢᠶᠠᠨ ᠤ 2025 ᠣᠨ ᠤ ᠴᠠᠭᠠᠨ ᠰᠠᠷ᠎ᠠ ᠶᠢᠨ ᠶᠠᠩᠭᠠᠷ ᠪᠦᠵᠢᠭ ᠵᠢᠴᠢ ᠪᠣᠳᠠᠰ ᠤᠨ ᠪᠤᠰᠤ ᠰᠣᠶᠣᠯ ᠤᠨ ᠥᠪ ᠤᠨ ᠲᠣᠭᠤᠷᠢᠨ ᠵᠤᠭᠠᠴᠠᠬᠤ ᠲᠣᠭᠯᠠᠯᠲᠠ ᠨᠢᠩᠴᠧᠩ ᠰᠢᠶᠠᠨ ᠤ ᠲᠢᠶᠠᠨ ᠢ ᠪᠠᠯᠭᠠᠰᠤᠨ ᠳᠤ ᠶᠠᠪᠤᠭᠳᠠᠪᠠ᠃ ᠲᠤᠰ ᠤᠳᠠᠭᠠᠨ ᠤ ᠠᠵᠢᠯᠯᠠᠭ᠎ᠠ ᠨᠢ ︽ᠤᠮᠠᠷᠠᠲᠤ ᠬᠢᠯᠢ ᠶᠢᠨ ᠰᠣᠶᠣᠯ ᠢ ᠪᠠᠳᠠᠷᠠᠭᠤᠯᠵᠤ ᠪᠣᠳᠠᠰ ᠤᠨ ᠪᠤᠰᠤ ᠰᠣᠶᠣᠯ ᠤᠨ ᠥᠪ ᠤᠨ ᠷᠢᠳᠢ ᠰᠢᠳᠢ ᠶᠢ ᠢᠯᠡᠷᠡᠭᠦᠯᠬᠦ︾ ᠪᠠᠷ ᠭᠤᠣᠯ ᠰᠡᠳᠦᠪ ᠪᠣᠯᠭᠠᠭᠰᠠᠨ ᠪᠥᠭᠡᠳ ᠨᠢᠩᠴᠧᠩ ᠰᠢᠶᠠᠨ ᠤ ᠲᠡᠦᠬᠡᠨ ᠠᠴᠠ ᠨᠠᠭᠠᠰᠢᠬᠢ ᠬᠡᠪᠴᠢᠶ᠎ᠡ ᠪᠠᠷ ᠬᠠᠮᠤᠭ ᠤᠨ ᠶᠡᠭᠡ ᠲᠥᠪᠯᠡᠷᠡᠯ ᠤᠨ ᠴᠢᠨᠠᠷᠲᠠᠢ ᠪᠣᠳᠠᠰ ᠤᠨ ᠪᠤᠰᠤ ᠰᠣᠶᠣᠯ ᠤᠨ ᠥᠪ ᠤᠨ ᠦᠵᠡᠭᠦᠯᠭᠡ ᠶᠢᠨ ᠲᠣᠭᠯᠠᠯᠲᠠ ᠪᠣᠯᠤᠨ᠎ᠠ᠃ ᠰᠢᠶᠠᠨ ᠤ ᠳᠣᠲᠣᠷᠠᠬᠢ 23 ᠰᠠᠯᠪᠤᠷᠢ ᠣᠯᠠᠨ ᠲᠦᠮᠡᠨ ᠤ ᠤᠳᠬ᠎ᠠ ᠤᠷᠠᠯᠢᠭ ᠤᠨ ᠪᠦᠯᠬᠦᠮ ᠤᠨ ᠪᠣᠳᠠᠰ ᠤᠨ ᠪᠤᠰᠤ ᠰᠣᠶᠣᠯ ᠤᠨ ᠥᠪ ᠤᠨ ᠲᠥᠯᠥᠭᠡᠯᠡᠬᠦ ᠴᠢᠨᠠᠷᠲᠠᠶ ᠤᠯᠠᠮᠵᠢᠯᠠᠭᠴᠢ᠂ ᠠᠷᠠᠳ ᠤᠨ ᠤᠷᠠᠯᠢᠭᠴᠢᠨ ᠪᠣᠯᠤᠨ ᠣᠯᠠᠨ ᠲᠦᠮᠡᠨ ᠤ ᠤᠳᠬ᠎ᠠ ᠤᠷᠠᠯᠢᠭ ᠤᠨ ᠳᠤᠷ᠎ᠠ ᠪᠠᠭ᠋ᠠᠲᠠᠨ ᠢᠶᠠᠷ ᠪᠦᠷᠢᠯᠳᠦᠭᠰᠡᠨ ᠦᠵᠡᠭᠦᠯᠦᠯᠭᠡ ᠶᠢᠨ ᠲᠣᠭᠯᠠᠯᠲᠠ ᠶᠢᠨ ᠠᠩᠭᠢ ᠣᠯᠠᠨ ᠲᠦᠮᠡᠨ ᠳᠤ ᠨᠢᠭᠡᠨ ᠤᠳᠠᠭᠠᠨ ᠤ ᠭᠤᠶᠢᠳᠠ ᠰᠠᠶᠢᠬᠠᠨ ᠰᠣᠶᠣᠯ ᠤᠨ ᠦᠪᠡᠳᠡᠭᠰᠢ ᠨᠠᠶᠢᠷ ᠢ ᠬᠦᠷᠲᠡᠭᠡᠪᠡ᠃ ᠣᠳᠣᠬᠠᠨ ᠳᠤ᠂ ᠠᠵᠢᠯᠯᠠᠭ᠎ᠠ ᠨᠢ ᠰᠢᠨᠬᠤᠸᠠ ᠬᠤᠷᠢᠶ᠎ᠠ᠂ ᠳᠤᠮᠳᠠᠳᠤ ᠤᠯᠤᠰ ᠤᠨ ᠰᠣᠨᠢᠨ ᠮᠡᠳᠡᠭᠡ᠂ ᠲᠥᠪ ᠲᠧᠯᠸᠢᠰ ᠤᠨ ᠰᠣᠨᠢᠨ ᠮᠡᠳᠡᠭᠡ᠂ ᠠᠷᠠᠳ ᠤᠨ ᠡᠳᠦᠷ ᠤᠨ ᠰᠣᠨᠢᠨ᠂ ᠳᠤᠮᠳᠠᠳᠤ ᠤᠯᠤᠰ ᠤᠨ ᠡᠳᠦᠷ ᠤᠨ ᠰᠣᠨᠢᠨ᠂ ᠰᠢᠨᠬᠤᠸᠠ ᠰᠦᠯᠵᠢᠶ᠎ᠡ ᠪᠣᠯᠤᠨ ᠥᠪᠥᠷ ᠮᠣᠩᠭᠤᠯ ᠤᠨ ᠣᠳᠣᠨ ᠲᠧᠯᠸᠢᠰ᠂ ᠥᠪᠥᠷ ᠮᠣᠩᠭᠤᠯ ᠤᠨ ᠡᠳᠦᠷ ᠤᠨ ᠰᠣᠨᠢᠨ ᠵᠡᠷᠭᠡ ᠤᠯᠤᠰ᠂ ᠥᠪᠡᠷᠲᠡᠭᠡᠨ ᠵᠠᠰᠠᠬᠤ ᠣᠷᠣᠨ᠂ ᠬᠤᠲᠠ ᠶᠢᠨ 20 ᠭᠠᠷᠤᠶ ᠭᠤᠤᠯ ᠵᠠᠭᠤᠴᠢᠯᠠᠭᠤᠷ ᠪᠣᠯᠤᠨ ᠠᠵᠢᠯ ᠲᠥᠷᠥᠯ ᠤᠨ ᠵᠠᠭᠤᠴᠢᠯᠠᠭᠤᠷ ᠤᠨ ᠠᠩᠬᠠᠷᠤᠯ ᠵᠢᠴᠢ ᠮᠡᠳᠡᠭᠡᠯᠡᠯ ᠢ ᠬᠦᠷᠲᠡᠵᠦ᠂ ᠨᠡᠶᠢᠲᠡ 300 ᠭᠠᠷᠤᠶ ᠲᠦᠮᠡᠨ ᠬᠥᠮᠦᠨ ᠤᠳᠠᠭ᠎ᠠ ᠳᠤ ᠬᠦᠷᠴᠡᠢ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000963号