ᠨᠢᠩᠴᠧᠩ ᠰᠢᠶᠠᠨ ᠥᠯᠵᠡᠶᠢᠲᠦ ᠡᠳᠦᠷ ᠤᠨ ᠪᠠᠶᠠᠷ ᠠᠴᠠ ᠡᠮᠦᠨᠡᠬᠢ ᠢᠳᠡᠭᠡᠨ ᠤ ᠠᠮᠤᠷ ᠲᠦᠪᠰᠢᠨ ᠤ ᠲᠤᠰᠬᠠᠶ ᠪᠠᠶᠢᠴᠠᠭᠠᠯᠲᠠ ᠥᠷᠨᠢᠭᠦᠯᠪᠡ
ᠨᠡᠶᠢᠲᠡᠯᠡᠭᠰᠡᠨ ᠴᠠᠭ᠄
2025/2/13
   ᠪᠠᠶᠠᠷ ᠤᠨ ᠡᠳᠦᠷ ᠤᠨ ᠬᠤᠭᠤᠴᠠᠭᠠᠨ ᠳᠠᠬᠢ ᠢᠳᠡᠭᠡᠨ ᠤ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢ ᠤᠯᠠᠮ ᠨᠢᠭᠡ ᠠᠯᠬᠤᠮ ᠴᠢᠩᠭᠠᠳᠬᠠᠵᠤ᠂ ᠠᠷᠠᠳ ᠣᠯᠠᠨ ᠤ ᠪᠠᠶᠠᠷ ᠬᠥᠷ ᠲᠠᠢ ᠥᠯᠵᠡᠶ ᠪᠡᠯᠭᠡ ᠲᠠᠢ ᠪᠠᠶᠠᠷ ᠤᠨ ᠡᠳᠦᠷ ᠢᠶᠠᠨ ᠥᠩᠭᠡᠷᠡᠭᠦᠯᠬᠦ ᠶᠢ ᠪᠠᠲᠤᠯᠠᠬᠤ ᠶᠢᠨ ᠲᠥᠯᠥᠭᠡ᠂ ᠰᠢᠨ᠎ᠡ ᠵᠢᠯ ᠠᠴᠠ ᠡᠮᠦᠨᠡᠬᠡᠨ᠂ ᠨᠢᠩᠴᠧᠩ ᠰᠢᠶᠠᠨ ᠥᠯᠵᠡᠶᠢᠲᠦ ᠡᠳᠦᠷ ᠤᠨ ᠪᠠᠶᠠᠷ ᠠᠴᠠ ᠡᠮᠦᠨᠡᠬᠢ ᠢᠳᠡᠭᠡᠨ ᠤ ᠠᠮᠤᠷ ᠲᠦᠪᠰᠢᠨ ᠤ ᠲᠤᠰᠬᠠᠶ ᠪᠠᠶᠢᠴᠠᠭᠠᠯᠲᠠ ᠥᠷᠨᠢᠭᠦᠯᠪᠡ᠃    ᠠᠵᠢᠯᠲᠠᠳ ᠡᠯ᠎ᠡ ᠲᠣᠮᠣ ᠬᠡᠲᠦ ᠳᠡᠯᠭᠡᠭᠦᠷ᠂ ᠲᠠᠷᠢᠶᠠᠯᠠᠩ ᠤᠨ ᠠᠷᠠᠯᠵᠢᠶᠠᠨ ᠤ ᠵᠠᠬ᠎ᠠ ᠳᠡᠯᠭᠡᠭᠦᠷ ᠲᠤ ᠭᠦᠨᠵᠡᠭᠡᠶᠢᠷᠡᠨ᠂ ᠪᠠᠶᠠᠷ ᠤᠨ ᠡᠳᠦᠷ ᠤᠨ ᠪᠣᠷᠣᠯᠠᠭᠤᠯᠭ᠎ᠠ ᠰᠠᠶᠢᠲᠠᠶ ᠢᠳᠡᠭᠡᠨ ᠳᠤ ᠠᠩᠬᠠᠷᠤᠯ ᠢᠶᠠᠨ ᠲᠥᠪᠯᠡᠷᠡᠭᠦᠯᠵᠦ᠂ ᠭᠤᠤᠯᠳᠠᠭᠤ ᠡᠵᠡᠩᠨᠡᠭᠴᠢ ᠶᠢᠨ ᠭᠤᠤᠯ ᠴᠣᠭᠴᠠ ᠶᠢᠨ ᠬᠢᠷᠢ ᠬᠡᠮ᠂ ᠭᠡᠷᠡᠴᠢ ᠪᠠᠷᠢᠮᠲᠠ ᠨᠢ ᠪᠦᠷᠢᠨ ᠭᠦᠢᠴᠡᠳ ᠪᠠᠶᠢᠬᠤ ᠡᠰᠡᠬᠦ᠂ ᠲᠤᠰᠬᠠᠶ ᠯᠠᠩᠭᠦᠶ ᠶᠢᠨ ᠬᠠᠳᠠᠭᠠᠯᠠᠬᠤ ᠳᠤᠯᠠᠭᠠᠨ ᠨᠢ ᠵᠢᠷᠤᠮᠵᠢᠭᠤᠨ ᠪᠠᠶᠢᠬᠤ ᠡᠰᠡᠬᠦ᠂ ᠢᠳᠡᠭᠡᠨ ᠤ ᠱᠣᠰᠢᠭ᠎ᠠ ᠲᠡᠮᠳᠡᠭ ᠨᠢ ᠪᠦᠷᠢᠨ ᠪᠦᠲᠦᠨ ᠪᠠᠶᠢᠬᠤ ᠡᠰᠡᠬᠦ᠂ ᠪᠠᠷᠠᠭ᠎ᠠ ᠣᠷᠣᠭᠤᠯᠬᠤ ᠶᠢ ᠪᠠᠶᠢᠴᠠᠭᠠᠨ ᠰᠢᠯᠭᠠᠬᠤ ᠲᠦᠷᠢᠮ ᠨᠢ ᠪᠦᠲᠦᠮᠵᠢᠲᠡᠶ ᠨᠠᠶᠢᠳᠠᠪᠤᠷᠢᠵᠢᠭᠤᠯᠤᠭᠰᠠᠨ ᠡᠰᠡᠬᠦ᠂ ᠰᠤᠯᠠ ᠪᠣᠭᠤᠳᠠᠯ ᠲᠠᠢ ᠢᠳᠡᠭᠡᠨ ᠪᠣᠷᠣᠯᠠᠭᠤᠯᠤᠭᠰᠠᠨ ᠡᠰᠡᠬᠦ ᠵᠡᠷᠭᠡ ᠪᠠᠶᠢᠳᠠᠯ ᠢ ᠨᠢᠭᠡᠳ ᠨᠢᠭᠡ ᠪᠠᠷ ᠪᠠᠶᠢᠴᠠᠭᠠᠪᠠ᠃ ᠡᠭᠦᠨ ᠤ ᠬᠠᠮᠲᠤ᠂ ᠬᠠᠤᠯᠢ ᠬᠡᠷᠡᠭᠵᠢᠭᠦᠯᠬᠦ ᠠᠵᠢᠯᠲᠠᠨ ᠡᠵᠡᠩᠨᠡᠭᠴᠢᠳ ᠲᠤ ︽ᠢᠳᠡᠭᠡᠨ ᠤ ᠠᠮᠤᠷ ᠲᠦᠪᠰᠢᠨ ᠤ ᠬᠠᠤᠯᠢ︾ ᠶᠢᠨ ᠬᠠᠤᠯᠢ ᠴᠠᠭᠠᠵᠠ ᠬᠠᠤᠯᠢ ᠲᠣᠭᠲᠠᠭᠠᠯ ᠵᠢᠴᠢ ᠢᠳᠡᠭᠡᠨ ᠤ ᠠᠮᠤᠷ ᠲᠦᠪᠰᠢᠨ ᠤ ᠬᠠᠮᠢᠶ᠎ᠠ ᠪᠦᠬᠦᠢ ᠮᠡᠳᠡᠯᠭᠡ ᠶᠢ ᠢᠳᠡᠪᠬᠢᠲᠡᠶ ᠪᠠᠷ ᠤᠬᠠᠭᠤᠯᠵᠤ᠂ ᠢᠳᠡᠭᠡᠨ ᠡᠵᠡᠩᠨᠡᠭᠴᠢ ᠶᠢ ᠰᠢᠮᠳᠠᠭᠤᠯᠵᠤ ᠪᠠᠶᠢᠭᠠᠳ ᠢᠳᠡᠭᠡᠨ ᠤ ᠠᠮᠤᠷ ᠲᠦᠪᠰᠢᠨ ᠤ ᠭᠤᠤᠯ ᠴᠣᠭᠴᠠ ᠶᠢᠨ ᠬᠠᠷᠢᠭᠤᠴᠠᠯᠭ᠎ᠠ ᠶᠢ ᠴᠢᠩᠭ᠎ᠠ ᠭᠦᠢᠴᠡᠳᠬᠡᠯᠭᠡᠵᠦ᠂ ᠢᠳᠡᠭᠡᠨ ᠤ ᠠᠮᠤᠷ ᠲᠦᠪᠰᠢᠨ ᠤ ᠡᠯ᠎ᠡ ᠵᠦᠢᠯ ᠤᠨ ᠬᠠᠮᠢᠶᠠᠷᠤᠯᠲᠠ ᠶᠢᠨ ᠳᠦᠷᠢᠮ ᠢ ᠦᠨᠡᠨᠬᠦ ᠨᠠᠶᠢᠳᠠᠪᠤᠷᠢᠵᠢᠭᠤᠯᠵᠤ᠂ ᠢᠳᠡᠭᠡᠨ ᠤ ᠠᠮᠤᠷ ᠲᠦᠪᠰᠢᠨ ᠤ ᠬᠤᠷᠢᠭ᠎ᠠ ᠱᠤᠭᠤᠮ ᠢ ᠴᠢᠩᠭ᠎ᠠ ᠰᠠᠬᠢᠵᠤ᠂ ᠬᠡᠷᠡᠭᠯᠡᠭᠴᠢᠳ ᠤᠨ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠬᠤ ᠶᠢ ᠱᠠᠭᠠᠷᠳᠠᠪᠠ    ᠣᠲᠣ ᠪᠣᠯᠲᠠᠯ᠎ᠠ᠂ ᠵᠠᠬ᠎ᠠ ᠳᠡᠯᠭᠡᠭᠦᠷ ᠤᠨ ᠭᠤᠤᠯ ᠴᠣᠭᠴᠠ ᠶᠢ ᠨᠡᠶᠢᠲᠡ 72 ᠪᠠᠶᠢᠴᠠᠭᠠᠵᠤ᠂ ᠪᠠᠶᠢᠴᠠᠭᠠᠯᠲᠠ ᠳᠤ ᠢᠯᠡᠷᠡᠭᠦᠯᠦᠭᠰᠡᠨ ᠭᠡᠷᠡᠴᠢ ᠪᠠᠷᠢᠮᠲᠠ ᠠᠪᠬᠤ ᠵᠢᠷᠤᠮᠵᠢᠯ ᠥᠬᠡᠶ ᠠᠰᠠᠭᠤᠳᠠᠯ ᠳᠤ ᠴᠢᠭᠯᠡᠭᠦᠯᠦᠨ ᠨᠢᠭᠡᠨᠲᠡ ᠲᠡᠭᠦᠨ ᠢ ᠵᠠᠷᠯᠢᠭᠳᠠᠵᠤ ᠪᠠᠶᠢᠭᠠᠳ ᠬᠤᠭᠤᠴᠠᠭ᠎ᠠ ᠲᠣᠭᠲᠠᠭᠠᠨ ᠴᠡᠭᠴᠡᠯᠡᠨ ᠥᠭᠡᠷᠡᠴᠢᠯᠡᠭᠦᠯᠪᠡ᠃ ᠳᠠᠷᠠᠭᠠᠴᠢ ᠶᠢᠨ ᠠᠯᠬᠤᠮ ᠳᠤ᠂ ᠨᠢᠩᠴᠧᠩ ᠰᠢᠶᠠᠨ ᠪᠠᠶᠠᠷ ᠤᠨ ᠡᠳᠦᠷ ᠤᠨ ᠬᠤᠭᠤᠴᠠᠭᠠᠨ ᠤ ᠲᠣᠭᠤᠷᠢᠨ ᠪᠠᠶᠢᠴᠠᠭᠠᠬᠤ ᠡᠷᠴᠢᠮ ᠢᠶᠠᠨ ᠦᠷᠭᠦᠯᠵᠢᠯᠡᠨ ᠴᠢᠩᠭᠠᠳᠬᠠᠵᠤ᠂ ᠢᠳᠡᠭᠡᠨ ᠤ ᠠᠮᠤᠷ ᠲᠦᠪᠰᠢᠨ ᠤ ᠠᠶᠤᠯ ᠲᠦᠭᠰᠢᠭᠦᠷᠢ ᠶᠢᠨ ᠬᠡᠮ ᠰᠣᠭᠤᠭ ᠢ ᠴᠢᠩᠭ᠎ᠠ ᠰᠡᠷᠭᠡᠶᠢᠯᠡᠨ ᠴᠢᠩᠭ᠎ᠠ ᠡᠵᠡᠮᠳᠡᠵᠦ᠂ ᠠᠮᠤᠷ ᠲᠦᠪᠰᠢᠨ ᠰᠠᠨᠠᠭ᠎ᠠ ᠠᠮᠤᠷ ᠬᠡᠷᠡᠭᠯᠡᠭᠡᠨ ᠤ ᠣᠷᠴᠢᠨ ᠲᠣᠭᠤᠷᠢᠨ ᠢ ᠦᠨᠡᠨ ᠬᠦ ᠪᠤᠢ ᠪᠣᠯᠭᠠᠵᠤ᠂ ᠪᠠᠶᠠᠷ ᠤᠨ ᠡᠳᠦᠷ ᠤᠨ ᠵᠠᠬ᠎ᠠ ᠳᠡᠯᠭᠡᠭᠦᠷ ᠤᠨ ᠢᠳᠡᠭᠡᠨ ᠤ ᠠᠮᠤᠷ ᠲᠦᠪᠰᠢᠨ ᠢ ᠪᠠᠲᠤᠯᠠᠨ᠎ᠠ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000963号