| ᠨᠢᠭᠡ ᠳᠤ᠂ ᠳᠤᠮᠳᠠᠳᠤ ᠪᠠᠭ᠎ᠠ ᠰᠤᠷᠭᠠᠭᠤᠯᠢ ᠶᠢᠨ ᠨᠠᠮ ᠤᠨ ᠵᠣᠬᠢᠶᠠᠨ ᠪᠠᠶᠢᠭᠤᠯᠤᠯᠲᠠ ᠶᠢᠨ ᠤᠳᠤᠷᠢᠳᠤᠭᠰᠠᠨ | ᠰᠤᠷᠭᠠᠭᠤᠯᠢ ᠶᠢᠨ ᠵᠠᠬᠢᠷᠤᠯ ᠤᠨ ᠬᠠᠷᠢᠭᠤᠴᠠᠯᠭ᠎ᠠ ᠶᠢᠨ ᠳᠦᠷᠢᠮ ᠢ ᠪᠦᠬᠦ ᠲᠠᠯ᠎ᠠ ᠪᠠᠷ ᠠᠬᠢᠭᠤᠯᠵᠤ᠂ ᠬᠡᠷᠡᠭ ᠵᠥᠪᠯᠡᠵᠦ | ᠰᠢᠢᠳᠪᠦᠷᠢᠲᠦ ᠪᠣᠳᠣᠯᠭ᠎ᠠ ᠲᠣᠭᠲᠠᠭᠠᠬᠤ ᠳᠦᠷᠢᠮ ᠢ ᠲᠡᠭᠦᠯᠳᠡᠷᠵᠢᠭᠦᠯᠵᠦ᠂ ᠳᠤᠮᠳᠠᠳᠤ ᠪᠠᠭ᠎ᠠ ᠰᠤᠷᠭᠠᠭᠤᠯᠢ ᠶᠢᠨ | ᠨᠠᠮ ᠤᠨ ᠵᠣᠬᠢᠶᠠᠨ ᠪᠠᠶᠢᠭᠤᠯᠤᠯᠲᠠ ᠶᠢᠨ ᠤᠳᠤᠷᠢᠳᠤᠭᠰᠠᠨ ᠰᠤᠷᠭᠠᠭᠤᠯᠢ ᠶᠢᠨ ᠵᠠᠬᠢᠷᠤᠯ ᠤᠨ ᠬᠠᠷᠢᠭᠤᠴᠠᠯᠭ᠎ᠠ ᠶᠢᠨ | ᠳᠦᠷᠢᠮ ᠤᠨ ᠪᠦᠷᠬᠦᠯᠲᠡ ᠶᠢᠨ ᠨᠣᠷᠮ᠎ᠠ ᠶᠢ 100% ᠳᠤ ᠬᠦᠷᠦᠭᠦᠯᠵᠦ᠂ 12 ᠳᠡᠳ᠋ ᠰᠠᠯᠠᠭᠠᠨ ᠳᠡᠰ ᠠᠴᠠ | ᠳᠡᠭᠡᠭᠰᠢᠬᠢ ᠰᠤᠷᠭᠠᠭᠤᠯᠢ ᠪᠣᠯᠤᠨ ᠰᠠᠯᠭᠠᠬᠤ ᠨᠥᠬᠦᠴᠡᠯ ᠳᠤ ᠨᠡᠶᠢᠴᠡᠬᠦ 5 ᠰᠢᠶᠠᠩ ᠪᠠᠯᠭᠠᠰᠤᠨ ᠤ ᠭᠤᠤᠯ | ᠰᠤᠷᠭᠠᠭᠤᠯᠢ ᠪᠦᠬᠦᠨ ᠳᠤ ᠨᠠᠮ ᠵᠠᠰᠠᠭ ᠤᠨ ᠬᠤᠪᠢᠶᠠᠷᠢᠯᠠᠯ ᠢ ᠪᠡᠶᠡᠯᠡᠭᠦᠯᠪᠡ᠃ | ᠬᠤᠶᠠᠷ ᠲᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ | ᠬᠥᠮᠦᠵᠢᠯ ᠢ ᠭᠦᠨᠵᠡᠭᠡᠢ ᠥᠷᠨᠢᠭᠦᠯᠵᠦ᠂ ︽338︾ ᠪᠠᠶᠢᠭᠤᠯᠤᠮᠵᠢ ᠲᠣᠭᠲᠠᠴᠠ ᠪᠠ ᠨᠠᠶᠢᠳᠠᠪᠤᠷᠢᠵᠢᠭᠤᠯᠬᠤ | ᠰᠢᠰᠲ᠋ᠧᠮ ᠢ ᠪᠠᠶᠢᠭᠤᠯᠵᠤ᠂ ᠤᠯᠤᠰ ᠤᠨ ᠨᠢᠭᠡᠳᠦᠯᠲᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠪᠠ ᠤᠯᠤᠰ ᠤᠨ | ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠤᠨ ᠰᠤᠷᠭᠠᠨ ᠬᠥᠮᠦᠵᠢᠯ ᠵᠢᠭᠠᠨ ᠰᠤᠷᠭᠠᠯᠲᠠ ᠶᠢ ᠲᠡᠷᠡ | ᠬᠡᠪ ᠢᠶᠠᠷ ᠨᠢ ᠬᠡᠷᠡᠭᠵᠢᠭᠦᠯᠦᠨ᠎ᠡ᠃ | ᠭᠤᠷᠪᠠ ᠳᠤ᠂ ᠨᠠᠮ ᠤᠨ ᠪᠠᠶᠢᠭᠤᠯᠤᠯᠲᠠ ᠶᠢᠨ ᠶᠡᠷᠦᠩᠬᠡᠢ ᠨᠡᠷᠡᠲᠦ ᠲᠡᠮᠳᠡᠭ ᠢ ᠡᠭᠦᠳᠦᠨ ᠪᠠᠶᠢᠭᠤᠯᠵᠤ᠂ ︽ | ᠨᠢᠩᠴᠧᠩ ᠤᠨ ᠰᠤᠷᠭᠠᠨ ᠬᠥᠮᠦᠵᠢᠯ ᠤᠨ ᠬᠤᠰᠢᠭᠤᠴᠢ︾ ᠶᠢᠨ ᠨᠠᠮ ᠤᠨ ᠪᠠᠶᠢᠭᠤᠯᠤᠯᠲᠠ ᠶᠢᠨ ᠬᠤᠯᠪᠣᠭᠠᠲᠤ | ᠴᠣᠭᠴᠠ ᠶᠢ ᠪᠠᠶᠢᠭᠤᠯᠵᠤ᠂ ︽1+7+N︾ ᠨᠠᠮ ᠤᠨ ᠰᠤᠷᠭᠠᠨ ᠬᠥᠮᠦᠵᠢᠯ ᠢ ᠠᠭᠤᠰᠤᠯᠴᠠᠭᠤᠯᠬᠤ ᠰᠢᠰᠲ᠋ᠧᠮ ᠢ | ᠪᠠᠶᠢᠭᠤᠯᠵᠤ᠂ ᠨᠠᠮ ᠤᠨ ᠪᠠᠶᠢᠭᠤᠯᠤᠯᠲᠠ ᠪᠣᠯᠣᠨ ᠰᠤᠷᠭᠠᠨ ᠬᠥᠮᠦᠵᠢᠯ ᠢ ᠠᠭᠤᠰᠤᠯᠴᠠᠭᠤᠯᠤᠨ ᠬᠠᠷᠢᠯᠴᠠᠨ | ᠤᠷᠤᠭᠰᠢᠯᠠᠭᠤᠯᠬᠤ᠂ ᠵᠡᠷᠭᠡᠪᠡᠷ ᠠᠬᠢᠭᠤᠯᠬᠤ ᠶᠢ ᠯᠠᠪᠳᠠᠭᠤᠨ ᠪᠠᠲᠤᠲᠠᠢ ᠠᠬᠢᠭᠤᠯᠵᠤ᠂ ᠰᠤᠷᠭᠠᠨ ᠬᠥᠮᠦᠵᠢᠯ ᠤᠨ | ᠬᠦᠷᠢᠶ᠎ᠡ ᠶᠢ ᠢᠮᠠᠭᠲᠠ ᠨᠠᠮ ᠤᠨ ᠪᠦᠬᠦ ᠲᠠᠯ᠎ᠠ ᠶᠢᠨ ᠤᠳᠤᠷᠢᠳᠤᠯᠭ᠎ᠠ ᠶᠢ ᠪᠠᠷᠢᠮᠲᠠᠯᠠᠬᠤ ᠪᠠᠲᠤ ᠴᠢᠩᠭ᠎ᠠ ᠵᠢᠭᠰᠠᠭᠠᠯ ᠤᠨ | ᠭᠠᠵᠠᠷ ᠪᠣᠯᠭᠠᠨ᠎ᠠ᠃ |