ᠨᠢᠩᠴᠧᠩ ᠰᠢᠶᠠᠨ ᠭᠡᠷ ᠲᠡᠭᠡᠨ ᠰᠠᠭᠤᠵᠤ ᠪᠠᠶᠢᠭ᠎ᠠ ᠨᠠᠰᠤᠲᠠᠶᠢᠴᠤᠳ ᠢ ᠠᠰᠠᠷᠠᠬᠤ ᠦᠢᠯᠡᠴᠢᠯᠡᠭᠡᠨ ᠤ ᠬᠢᠷᠢ ᠲᠦᠪᠰᠢᠨ ᠢ ᠪᠦᠬᠦ ᠲᠠᠯ᠎ᠠ ᠪᠠᠷ ᠳᠡᠭᠡᠭᠰᠢᠯᠡᠭᠦᠯᠵᠦ ᠣᠯᠠᠨ ᠲᠦᠮᠡᠨ ᠢ ︽ᠥᠲᠡᠯᠦᠭᠡ ᠨᠠᠰᠤᠨ ᠤ ᠠᠰᠠᠷᠠᠮᠵᠢ ᠲᠠᠢ︾ ᠪᠠᠶᠢᠯᠭᠠᠨ᠎ᠠ
ᠨᠡᠶᠢᠲᠡᠯᠡᠭᠰᠡᠨ ᠴᠠᠭ᠄
2025/2/17
    ᠨᠢᠭᠡ ᠳᠤ ᠨᠡᠶᠢᠭᠡᠮ ᠲᠣᠭᠤᠷᠢᠭ ᠤᠨ ᠬᠡᠷ ᠲᠡᠭᠡᠨ ᠰᠠᠭᠤᠵᠤ ᠪᠠᠶᠢᠭ᠎ᠠ ᠨᠠᠰᠤᠲᠠᠶᠢᠴᠤᠳ ᠢ ᠠᠰᠠᠷᠠᠬᠤ ᠦᠢᠯᠡᠴᠢᠯᠡᠭᠡ ᠶᠢ ᠠᠬᠢᠭᠤᠯᠤᠨ᠎ᠠ᠃ ᠰᠢᠶᠠᠨ᠂ ᠰᠢᠶᠠᠩ᠂ ᠲᠣᠰᠬᠤᠨ ᠭᠤᠷᠪᠠᠨ ᠱᠠᠲᠤᠨ ᠤ ᠨᠠᠰᠤᠵᠢᠯ ᠤᠨ ᠦᠢᠯᠡᠴᠢᠯᠡᠭᠡᠨ ᠤ ᠪᠡᠯᠡᠳᠬᠡᠮᠵᠢ ᠶᠢᠨ  ᠪᠠᠶᠢᠭᠤᠯᠤᠯᠲᠠ ᠶᠢ ᠨᠢᠭᠡᠳᠦᠯᠲᠡᠶ ᠲᠥᠯᠥᠪᠵᠢᠭᠦᠯᠦᠨ ᠪᠠᠶᠢᠷᠢᠰᠢᠭᠤᠯᠵᠤ᠂ ᠴᠢᠳᠠᠮᠵᠢ ᠶᠢ ᠵᠣᠯᠭᠠᠭᠤᠯᠬᠤ᠂ ᠦᠢᠯᠡᠴᠢᠯᠡᠭᠡ ᠶᠢ ᠬᠠᠷᠢᠯᠴᠠᠨ ᠨᠥᠬᠦᠪᠥᠷᠢᠯᠡᠬᠦ᠂ ᠣᠷᠣᠨ ᠪᠦᠰᠡ ᠬᠤᠯᠪᠣᠭᠠᠯᠠᠨ ᠬᠥᠳᠡᠯᠦᠯᠴᠡᠭᠰᠡᠨ ᠬᠡᠷ ᠪᠦᠯᠢ ᠨᠡᠶᠢᠭᠡᠮ ᠲᠣᠭᠤᠷᠢᠭ ᠤᠨ ᠨᠠᠰᠤᠵᠢᠯ ᠤᠨ ᠦᠢᠯᠡᠴᠢᠯᠡᠭᠡᠨ ᠤ ᠲᠣᠤᠷ ᠰᠦᠯᠵᠢᠶ᠎ᠡ ᠶᠢ ᠪᠠᠶᠢᠭᠤᠯᠤᠨ᠎ᠠ᠃ ᠣᠲᠣ ᠪᠣᠯᠲᠠᠯ᠎ᠠ᠂ ᠲᠡᠮᠦᠷ ᠵᠠᠮ ᠤᠨ ᠪᠠᠷᠠᠭᠤᠨᠳᠡᠬᠢ ᠵᠡᠭᠡᠯᠢ ᠭᠤᠳᠤᠮᠵᠢ ᠶᠢᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠲᠥᠪ ᠪᠠ ᠵᠠᠮ ᠤᠨ ᠵᠡᠭᠦᠨᠳᠡᠬᠢ ᠵᠡᠭᠡᠯᠢ ᠭᠤᠳᠤᠮᠵᠢ ᠶᠢᠨ ᠥᠷᠲᠡᠭᠡᠨ ᠤ ᠡᠮᠦᠨᠡᠬᠢ ᠨᠡᠶᠢᠭᠡᠮ ᠲᠣᠭᠤᠷᠢᠭ ᠤᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠥᠷᠲᠡᠭᠡ ᠶᠢ ᠨᠢᠭᠡᠨᠲᠡ ᠪᠠᠶᠢᠭᠤᠯᠵᠤ᠂ ᠬᠤᠲᠠ ᠶᠢᠨ ᠲᠣᠭᠤᠷᠢᠭ ᠤᠨ 12 ᠨᠡᠶᠢᠭᠡᠮ ᠲᠣᠭᠤᠷᠢᠭ ᠢ ᠨᠥᠯᠥᠭᠡᠯᠡᠨ᠂ ᠬᠠᠷᠢᠶᠠᠲᠤ ᠣᠷᠣᠨ ᠵᠢᠴᠢ ᠡᠷᠬᠢᠨ ᠲᠣᠭᠤᠷᠢᠨ ᠤ ᠭᠠᠵᠠᠷ ᠣᠷᠣᠨ ᠤ 7000 ᠭᠠᠷᠤᠶ ᠨᠠᠰᠤᠲᠠᠶᠢᠴᠤᠳ ᠢ ᠬᠠᠮᠤᠷᠴᠠᠶ᠃   ᠬᠤᠶᠠᠷ ᠲᠤ᠂ ᠬᠥᠳᠡᠭᠡ ᠲᠣᠰᠬᠤᠨ ᠤ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡ ᠶᠢ ᠳᠡᠭᠡᠭᠰᠢᠯᠡᠭᠦᠯᠦᠨ᠎ᠡ᠃ ᠬᠥᠳᠡᠭᠡ ᠲᠣᠰᠬᠤᠨ ᠤ ᠨᠠᠰᠤᠵᠢᠯ ᠤᠨ ᠦᠢᠯᠡᠴᠢᠯᠡᠭᠡᠨ ᠤ ᠲᠠᠰ ᠳᠡᠪᠰᠢᠬᠦ ᠶᠢ ᠠᠬᠢᠭᠤᠯᠵᠤ᠂ ᠲᠠᠰ ᠳᠡᠪᠰᠢᠭᠦᠯᠦᠨ ᠥᠭᠡᠷᠡᠴᠢᠯᠡᠬᠦ ᠪᠠᠷ ᠳᠠᠮᠵᠢᠭᠤᠯᠤᠨ᠂ 7 ᠰᠢᠶᠠᠩ ᠪᠠᠯᠭᠠᠰᠤᠨ ᠤ ᠨᠠᠰᠤᠲᠠᠨ ᠢ ᠠᠰᠠᠷᠠᠬᠤ ᠬᠦᠷᠢᠶᠡᠯᠡᠩ ᠢ ᠣᠷᠣᠨ ᠪᠦᠰᠡ ᠶᠢᠨ ᠴᠢᠨᠠᠷᠲᠠᠶ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠲᠥᠪ ᠪᠣᠯᠭᠠᠨ ᠥᠷᠭᠡᠳᠬᠡᠵᠦ᠂ 56 ᠲᠣᠰᠬᠤᠨ ᠤ ᠱᠠᠲᠤᠨ ᠤ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠥᠷᠲᠡᠭᠡ ᠶᠢ ᠰᠢᠨ᠎ᠡ ᠪᠠᠷ ᠪᠠᠶᠢᠭᠤᠯᠵᠤ᠂ ᠨᠠᠰᠤᠲᠠᠶᠢᠴᠤᠳ ᠲᠤ ᠬᠤᠭᠤᠯᠠ ᠤᠮᠳᠠ᠂ ᠰᠡᠯᠡᠭᠦᠴᠡᠯ ᠵᠤᠭ᠎ᠠ ᠴᠡᠩᠭᠡᠯ᠂ ᠠᠮᠢᠳᠤᠷᠠᠯ ᠤᠨ ᠬᠠᠷᠠᠭᠠᠯᠵᠠᠯ᠂ ᠪᠠᠴᠢᠮ ᠠᠪᠤᠷᠠᠨ ᠲᠤᠰᠠᠯᠠᠬᠤ ᠵᠡᠷᠭᠡ ᠶᠢ ᠬᠠᠩᠭᠠᠨ᠎ᠠ᠃   ᠭᠤᠷᠪᠠ ᠳᠤ᠂ ᠬᠡᠷ ᠲᠡᠭᠡᠨ ᠰᠠᠭᠤᠵᠤ ᠪᠠᠶᠢᠭ᠎ᠠ ᠨᠠᠰᠤᠲᠠᠶᠢᠴᠤᠳ ᠢ ᠠᠰᠠᠷᠠᠬᠤ ︽ᠵᠢᠷᠭᠤᠭ᠎ᠠ ᠶᠢ ᠲᠤᠰᠠᠯᠠᠬᠤ︾ ᠦᠢᠯᠡᠴᠢᠯᠡᠭᠡ ᠦᠷᠨᠢᠬᠦᠯᠪᠡ᠃ ᠬᠡᠷ ᠲᠡᠭᠡᠨ ᠰᠠᠭᠤᠭ᠎ᠠ ᠪᠠ ᠨᠡᠶᠢᠭᠡᠮ ᠲᠣᠭᠤᠷᠢᠭ ᠤᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠪᠡᠯᠡᠳᠬᠡᠮᠵᠢ ᠶᠢᠨ ᠴᠢᠳᠠᠮᠵᠢ ᠶᠢᠨ ᠲᠣᠬᠢᠷᠠᠭᠤᠯᠤᠯᠲᠠ ᠶᠢ ᠵᠢᠷᠤᠮᠵᠢᠭᠤᠯᠵᠤ᠂ ᠡᠯ᠎ᠡ ᠲᠥᠷᠥᠯ ᠤᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠪᠡᠯᠡᠳᠬᠡᠮᠵᠢ ᠨᠢ ᠱᠠᠭᠠᠷᠳᠠᠯᠭ᠎ᠠ ᠶᠢ ᠦᠨᠳᠦᠰᠦᠯᠡᠨ ᠭᠥᠯᠢᠶᠡᠨ ᠠᠪᠬᠤ ᠦᠢᠯᠡᠴᠢᠯᠡᠭᠡᠨ ᠤ ᠲᠣᠭᠤᠷᠢᠭ᠂ ᠠᠮᠢᠳᠤᠷᠠᠯ ᠢ ᠬᠠᠷᠠᠭᠠᠯᠵᠠᠬᠤ ᠲᠣᠭᠤᠷᠢᠭ ᠵᠡᠷᠭᠡ ︽8+2︾ ᠤᠨ ᠴᠢᠳᠠᠮᠵᠢ ᠶᠢᠨ ᠣᠷᠣᠨ ᠪᠦᠰᠡ ᠶᠢ ᠳᠣᠭᠢᠷᠠᠭᠤᠯᠵᠤ᠂ ᠬᠡᠷ ᠲᠡᠭᠡᠨ ᠰᠠᠭᠤᠭ᠎ᠠ ᠨᠡᠶᠢᠭᠡᠮ ᠲᠣᠭᠤᠷᠢᠭ ᠤᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡ ᠶᠢ ᠨᠡᠶᠢᠳᠡᠮ ᠪᠦᠷᠬᠦᠭᠦᠯᠬᠦ ᠶᠢ ᠠᠯᠬᠤᠮ ᠠᠯᠬᠤᠮ ᠢᠶᠠᠷ ᠪᠡᠶᠡᠯᠡᠭᠦᠯᠦᠨ᠎ᠡ᠃ ᠣᠳᠣᠬᠠᠨ ᠳᠤ᠂ 450 ᠭᠠᠷᠤᠶ ᠤᠳᠠᠭ᠎ᠠ ᠡᠮ ᠡᠮᠨᠡᠯᠭᠡ ᠶᠢ ᠲᠤᠰᠠᠯᠠᠬᠤ ᠦᠢᠯᠡᠴᠢᠯᠡᠭᠡ᠂ 600 ᠭᠠᠷᠤᠶ ᠤᠳᠠᠭ᠎ᠠ ᠶᠢᠨ ᠴᠡᠪᠡᠷᠯᠡᠬᠦ ᠦᠢᠯᠡᠴᠢᠯᠡᠭᠡ ᠥᠷᠨᠢᠭᠦᠯᠵᠦ᠂ 140 ᠭᠠᠷᠤᠶ ᠤᠳᠠᠭ᠎ᠠ ᠪᠠᠴᠢᠮ ᠪᠠᠶᠢᠳᠠᠯ ᠢ ᠠᠷᠭᠠᠴᠠᠬᠤ ᠦᠢᠯᠡᠴᠢᠯᠡᠭᠡ ᠥᠷᠨᠢᠭᠦᠯᠵᠦ᠂ ᠬᠡᠷ ᠲᠡᠭᠡᠨ ᠰᠠᠭᠤᠵᠤ ᠪᠠᠶᠢᠭ᠎ᠠ ᠨᠠᠰᠤᠲᠠᠶᠢᠴᠤᠳ ᠢ ᠠᠰᠠᠷᠠᠬᠤ ᠦᠢᠯᠡᠴᠢᠯᠡᠭᠡᠨ ᠤ ᠬᠠᠨᠤᠮᠵᠢ ᠶᠢᠨ ᠬᠡᠮᠵᠢᠶ᠎ᠡ 100% ᠳᠤ ᠬᠦᠷᠴᠡᠶ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000963号