| | 2 ᠰᠠᠷ᠎ᠠ ᠶᠢᠨ 20 ᠤ ᠡᠳᠦᠷ᠂ ᠰᠢᠶᠠᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠵᠠᠰᠠᠭ ᠤᠨ ᠣᠷᠳᠣᠨ ᠤ | ᠰᠢᠶᠠᠨ ᠤ ᠳᠠᠷᠤᠭ᠎ᠠ ᠵᠠᠩ ᠸᠧᠨ ᠽᠧ ᠰᠢᠶᠠᠨ ᠤ ᠵᠠᠰᠠᠭ ᠤᠨ ᠣᠷᠳᠣᠨ ᠤ 2025 ᠣᠨ ᠤ ᠭᠤᠷᠪᠠᠳᠤᠭᠠᠷ | ᠤᠳᠠᠭᠠᠨ ᠤ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠵᠤ᠂ ᠠᠷᠠᠳ ᠠᠴᠠ ᠡᠵᠡᠩᠨᠡᠭᠰᠡᠨ ᠠᠵᠤ | ᠠᠬᠤᠶᠢᠯᠠᠯ ᠤᠨ ᠶᠠᠷᠢᠯᠴᠠᠬᠤ ᠬᠤᠷᠠᠯ ᠳᠡᠭᠡᠷᠡᠬᠢ ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ | ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ᠂ 2025 ᠣᠨ ᠤ | ᠪᠡᠭᠡᠵᠢᠩ ᠥᠪᠥᠷ ᠮᠣᠩᠭᠤᠯ ᠤᠨ ᠬᠠᠮᠵᠢᠯᠴᠠᠭᠠᠨ ᠤ ᠲᠥᠷᠥᠯ ᠵᠦᠢᠯ᠂ ᠤᠯᠤᠰ ᠤᠨ ᠡᠨᠧᠷᠭᠢ ᠶᠢᠨ ᠪᠦᠯᠦᠭᠯᠡᠯ ᠤᠨ | ᠴᠡᠭ ᠲᠣᠭᠲᠠᠭᠠᠨ ᠬᠠᠪᠰᠤᠷᠤᠨ ᠲᠡᠳᠬᠦᠬᠦ ᠲᠥᠷᠥᠯ ᠵᠦᠢᠯ᠂ 2025 ᠣᠨ ᠤ ᠲᠥᠪ᠂ ᠥᠪᠡᠷᠲᠡᠭᠡᠨ ᠵᠠᠰᠠᠬᠤ | ᠣᠷᠣᠨ ᠤ ᠨᠢᠭᠡᠳᠦᠭᠡᠷ ᠪᠦᠯᠦᠭ ᠤᠨ ᠪᠠᠯᠠ ᠮᠥᠩᠭᠦ ᠶᠢᠨ ᠬᠤᠪᠢᠶᠠᠷᠢᠯᠠᠯᠲᠠ ᠶᠢ ᠵᠣᠯᠭᠠᠭᠤᠯᠬᠤ ᠬᠤᠯᠪᠣᠭᠳᠠᠯ ᠪᠥᠬᠦᠶ | ᠵᠦᠢᠯᠡᠰ ᠢ ᠰᠤᠳᠤᠯᠵᠤ᠂ ᠪᠥᠬᠦ ᠰᠢᠶᠠᠨ ᠤ ᠭᠤᠤᠯ ᠮᠥᠷᠡᠨ ᠨᠠᠭᠤᠷ ᠴᠥᠭᠦᠷᠥᠮ ᠤᠨ ︽ᠳᠥᠷᠪᠡᠨ ᠲᠤᠷᠠᠪᠠᠷ ᠢ | ᠴᠡᠪᠡᠷᠯᠡᠬᠦ︾ ᠵᠢᠴᠢ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠠᠵᠢᠯ ᠢ ᠳᠣᠭᠢᠷᠠᠭᠤᠯᠤᠨ | ᠪᠠᠶᠢᠷᠢᠯᠠᠭᠤᠯᠪᠠ᠃ | ᠬᠤᠷᠠᠯ ᠠᠴᠠ᠂ ᠰᠢ ᠶᠢᠨ ᠫᠢᠩ ᠶᠡᠷᠦᠩᠬᠡᠶ ᠱᠦᠵᠢ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠶ | ᠰᠤᠷᠤᠯᠴᠠᠨ ᠣᠶᠢᠯᠠᠭᠠᠵᠤ᠂ ᠨᠠᠮ ᠤᠨ ᠲᠥᠪ ᠬᠤᠷᠢᠶ᠎ᠠ ᠶᠢᠨ ︽ᠬᠤᠶᠠᠷ ᠥᠴᠦᠬᠡᠨ ᠴᠦ ᠭᠤᠶᠢᠪᠢᠰᠢ ᠦᠭᠡᠢ︾᠂ ︽ | ᠭᠤᠷᠪᠠᠨ ᠬᠤᠪᠢᠷᠠᠯᠲᠠ ᠦᠭᠡᠢ︾ ᠴᠢᠭᠯᠡᠯᠲᠡ ᠲᠦᠷᠦ ᠶᠢᠨ ᠪᠤᠳᠤᠯᠭ᠎ᠠ ᠶᠢ ᠡᠷᠡᠰ ᠲᠤᠤᠱᠯᠠᠭᠤᠯᠤᠨ | ᠨᠠᠶᠢᠳᠠᠪᠤᠷᠢᠵᠢᠭᠤᠯᠵᠤ᠂ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠪᠣᠯᠤᠨ ᠠᠷᠠᠳ ᠤᠨ ᠡᠵᠡᠩᠨᠡᠯᠲᠡ ᠶᠢᠨ | ᠠᠵᠤ ᠠᠬᠤᠶᠢᠯᠠᠯᠲᠠᠨ ᠢ ᠢᠮᠠᠭᠲᠠ ᠥᠪᠡᠷ ᠤᠨ ᠬᠥᠮᠦᠨ ᠢᠶᠠᠨ ᠪᠣᠯᠭᠠᠵᠤ᠂ ᠬᠦᠴᠦᠨ ᠵᠦᠢᠯ ᠤᠨ ᠪᠠᠲᠤᠯᠠᠭ᠎ᠠ ᠶᠢ | ᠴᠢᠩᠭᠠᠳᠬᠠᠵᠤ᠂ ᠠᠵᠤ ᠠᠬᠤᠶᠢᠯᠠᠯ ᠤᠨ ᠬᠡᠷᠡᠭᠴᠡᠭᠡ ᠶᠢ ᠤᠨᠢᠨ ᠳᠡᠭᠡᠷ᠎ᠡ ᠨᠢ ᠡᠵᠡᠮᠰᠢᠵᠦ᠂ ᠠᠵᠤ ᠠᠬᠤᠶᠢᠯᠠᠯ ᠤᠨ | ᠪᠡᠯᠡ ᠲᠤᠬᠢᠷᠠᠭᠤᠯᠭ᠎ᠠ᠂ ᠴᠢᠳᠠᠪᠤᠷᠢᠲᠠᠨ᠂ ᠮᠡᠷᠭᠡᠵᠢᠯ᠂ ᠠᠵᠢᠯᠴᠢᠨ ᠬᠡᠷᠡᠭᠯᠡᠬᠦ ᠵᠡᠷᠭᠡ ᠲᠠᠯ᠎ᠠ ᠶᠢᠨ ︽ᠪᠠᠴᠢᠮ ᠬᠦᠴᠢᠷ | ᠵᠣᠪᠠᠨᠢᠯ︾ ᠤᠨ ᠠᠰᠠᠭᠤᠳᠠᠯ ᠢ ᠰᠤᠳᠤᠯᠤᠨ ᠰᠢᠢᠳᠪᠦᠷᠢᠯᠡᠵᠦ᠂ ᠪᠦᠬᠦ ᠰᠢᠶᠠᠨ ᠤ ᠠᠷᠠᠳ ᠤᠨ ᠡᠵᠡᠩᠨᠡᠯᠲᠡ ᠶᠢᠨ ᠠᠵᠤ | ᠠᠬᠤᠢ ᠶᠢᠨ ᠬᠥᠭᠵᠢᠯᠲᠡ ᠳᠤ ᠬᠦᠴᠦᠲᠡᠢ ᠪᠠᠲᠤᠯᠠᠭ᠎ᠠ ᠬᠠᠩᠭᠠᠬᠤ ᠬᠡᠷᠡᠭᠲᠡᠢ᠃ | ᠢᠯᠡ ᠲᠣᠳᠣ᠂ ᠡᠷᠬᠡ ᠲᠡᠭᠰᠢ᠂ ᠲᠥᠪ ᠭᠤᠣᠯᠴᠢ ᠪᠠᠶᠢᠬᠤ ᠵᠠᠷᠴᠢᠮ ᠢ ᠪᠠᠷᠢᠮᠲᠠᠯᠠᠵᠤ᠂ ᠳᠠᠭᠠᠭᠠᠴᠢᠯᠠᠯᠲᠠ | ᠵᠠᠷᠯᠠᠬᠤ ᠳᠠᠭᠠᠭᠠᠴᠢᠯᠠᠯᠲᠠ ᠬᠦᠯᠢᠶᠡᠬᠦ ᠶᠢ ᠬᠠᠤᠯᠢ ᠶᠣᠰᠣᠭᠠᠷ ᠥᠷᠨᠢᠭᠦᠯᠵᠦ᠂ ᠡᠯ᠎ᠡ ᠭᠤᠭᠴᠤᠭ᠎ᠠ ᠶᠢᠨ ᠬᠢᠨᠠᠯᠲᠠ | ᠬᠠᠮᠢᠶᠠᠷᠤᠯᠲᠠ ᠶᠢ ᠴᠢᠩᠭᠠᠳᠬᠠᠵᠤ᠂ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢᠨ ᠴᠢᠨᠠᠷ ᠴᠢᠨᠰᠠᠭ᠎ᠠ ᠦᠷ᠎ᠡ | ᠠᠰᠢᠭ ᠢ ᠦᠨᠡᠨ ᠬᠦ ᠳᠡᠭᠡᠭᠰᠢᠯᠡᠭᠦᠯᠵᠦ᠂ ᠰᠢᠯᠭᠠᠯᠲᠠ ᠶᠢ ᠳᠠᠭᠠᠭᠠᠵᠤ ᠳᠡᠶᠢᠯᠬᠦ ᠰᠣᠳᠣᠨ ᠢᠨᠵᠧᠨᠧᠷᠢᠩ ᠢ ᠴᠣᠭᠴᠠᠯᠠᠬᠤ | ᠬᠡᠷᠡᠭᠲᠡᠢ᠃ ᠪᠡᠯᠡ ᠮᠥᠩᠭᠦ ᠶᠢ ᠵᠣᠯᠭᠠᠭᠤᠯᠬᠤ ᠪᠠ ᠬᠠᠮᠢᠶᠠᠷᠬᠤ ᠠᠷᠭ᠎ᠠ ᠶᠢ ᠴᠢᠩᠭ᠎ᠠ ᠵᠢᠷᠤᠮᠯᠠᠨ᠂ ᠪᠡᠯᠡ ᠮᠥᠩᠭᠦ ᠶᠢ | ᠵᠣᠯᠭᠠᠭᠤᠯᠬᠤ ᠲᠦᠷᠦᠯ ᠵᠦᠢᠯ ᠢ ᠥᠨᠳᠥᠷ ᠪᠠᠷᠢᠮᠵᠢᠶ᠎ᠠ᠂ ᠴᠢᠩᠭ᠎ᠠ ᠱᠠᠭᠠᠷᠳᠠᠯᠭ᠎ᠠ ᠪᠠᠷ ᠰᠠᠶᠢᠲᠤᠷ ᠪᠠᠶᠢᠭᠤᠯᠤᠨ | ᠰᠠᠶᠢᠲᠤᠷ ᠬᠡᠷᠡᠭᠯᠡᠵᠦ ᠰᠠᠶᠢᠲᠤᠷ ᠬᠡᠷᠡᠭᠯᠡᠵᠦ᠂ ᠠᠶᠤᠯ ᠲᠦᠭᠰᠢᠭᠦᠷᠢ ᠶᠢᠨ ᠭᠡᠮ ᠰᠣᠭᠤᠭ ᠢ ᠦᠨᠡᠨᠬᠦ ᠰᠡᠷᠭᠡᠶᠢᠯᠡᠵᠦ᠂ | ᠪᠡᠯᠡ ᠮᠥᠩᠭᠦ ᠶᠢᠨ ᠬᠡᠷᠡᠭᠯᠡᠯᠲᠡ ᠶᠢᠨ ᠦᠷ᠎ᠡ ᠠᠰᠢᠭ ᠢ ᠴᠢᠨᠠᠭᠰᠢᠳᠠ ᠳᠡᠭᠡᠭᠰᠢᠯᠡᠭᠦᠯᠬᠦ ᠬᠡᠷᠡᠭᠲᠡᠢ᠃ ᠪᠠᠯᠭᠠᠰᠤ ᠰᠢᠶᠠᠩ | ᠵᠡᠭᠡᠯᠢ ᠭᠤᠳᠤᠮᠵᠢ ᠵᠢᠴᠢ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭ᠎ᠠ ᠶᠢᠨ | ᠨᠠᠶᠢᠳᠠᠪᠤᠷᠢᠵᠢᠭᠤᠯᠤᠯᠲᠠ ᠶᠢ ᠴᠢᠩᠭᠠᠳᠬᠠᠬᠤ ᠬᠡᠷᠡᠭᠲᠡᠢ᠃ ᠤᠢ ᠰᠢᠭᠤᠢ ᠨᠤᠲᠤᠭ ᠪᠡᠯᠴᠢᠭᠡᠷ ᠤᠨ ᠭᠠᠯ ᠢ ᠰᠡᠷᠭᠡᠶᠢᠯᠡᠬᠦ | ᠡᠨᠡᠬᠦ ᠬᠥᠪᠴᠢ ᠶᠢ ᠴᠠᠭ ᠢᠮᠠᠭᠲᠠ ᠴᠢᠩᠭᠠᠷᠠᠭᠤᠯᠵᠤ᠂ ᠪᠦᠲᠦᠮᠵᠢᠲᠡᠢ ᠠᠷᠭ᠎ᠠ ᠬᠡᠮᠵᠢᠶ᠎ᠡ ᠠᠪᠴᠤ᠂ ᠲᠣᠭᠤᠷᠢᠨ | ᠪᠠᠶᠢᠴᠠᠭᠠᠬᠤ ᠪᠠ ᠭᠠᠯ ᠢ ᠰᠡᠷᠭᠡᠶᠢᠯᠡᠬᠦ ᠤᠬᠠᠭᠤᠯᠭ᠎ᠠ ᠶᠢᠨ ᠡᠷᠴᠢᠮ ᠢᠶᠠᠨ ᠴᠢᠩᠭᠠᠷᠠᠭᠤᠯᠵᠤ᠂ ᠪᠦᠬᠦ ᠰᠢᠶᠠᠨ ᠤ ᠤᠢ | ᠰᠢᠭᠤᠢ ᠨᠤᠲᠤᠭ ᠪᠡᠯᠴᠢᠭᠡᠷ ᠤᠨ ᠭᠠᠯ ᠢ ᠰᠡᠷᠭᠡᠶᠢᠯᠡᠬᠦ ᠭᠠᠯ ᠤᠨᠲᠠᠷᠠᠭᠠᠬᠤ ᠪᠠᠶᠢᠳᠠᠯ ᠤᠨ ᠦᠷᠭᠦᠯᠵᠢᠯᠡᠨ ᠲᠣᠭᠲᠠᠭᠤᠨ | ᠪᠠᠶᠢᠬᠤ ᠶᠢ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃ | ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃ | ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ | ᠱᠦᠵᠢ᠂ ᠬᠢᠨᠠᠨ ᠪᠠᠶᠢᠴᠠᠭᠠᠬᠤ ᠵᠥᠪᠯᠡᠯ ᠤᠨ ᠡᠷᠬᠢᠯᠡᠭᠴᠢ ᠷᠧᠨ ᠸᠧᠶ ᠵᠢᠶᠦ᠋ᠨ᠂ ᠰᠢᠶᠠᠨ ᠤ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠳᠡᠳ᠋ ᠡᠷᠬᠢᠯᠡᠭᠴᠢ ᠵᠣᠣ ᠰᠢᠶᠠᠩ ᠭᠦᠸᠧ᠂ ᠰᠢᠶᠠᠨ ᠤ ᠤᠯᠤᠰ | ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠸᠧᠶ ᠯᠢ ᠲᠢᠶᠠᠨ ᠤᠷᠢᠯᠭ᠎ᠠ ᠪᠠᠷ ᠬᠤᠷᠠᠯ ᠳᠤ ᠣᠷᠣᠯᠴᠠᠵᠤ᠂ | ᠬᠡᠷ ᠲᠤ ᠪᠠᠨ ᠪᠠᠶᠢᠭ᠎ᠠ ᠰᠢᠶᠠᠨ ᠤ ᠵᠠᠰᠠᠭ ᠤᠨ ᠣᠷᠳᠣᠨ ᠤ ᠤᠳᠤᠷᠢᠳᠬᠤ ᠪᠠᠭ ᠤᠨ ᠪᠦᠷᠢᠯᠳᠦᠬᠦᠨ ᠬᠤᠷᠠᠯ ᠳᠤ | ᠣᠷᠣᠯᠴᠠᠪᠠ᠃ ᠰᠢᠶᠠᠨ ᠤ ᠰᠢᠭᠤᠳ ᠬᠠᠷᠢᠶ᠎ᠠ ᠬᠠᠮᠢᠶ᠎ᠠ ᠪᠦᠬᠦᠢ ᠰᠠᠯᠠᠭ᠎ᠠ ᠮᠥᠴᠢᠷ ᠪᠣᠯᠤᠨ ᠡᠯ᠎ᠡ ᠪᠠᠯᠭᠠᠰᠤ ᠰᠢᠶᠠᠩ | ᠵᠡᠭᠡᠯᠢ ᠭᠤᠳᠤᠮᠵᠢ ᠶᠢᠨ ᠭᠤᠣᠯ ᠬᠠᠷᠢᠭᠤᠴᠠᠯᠭᠠᠲᠠᠨ ᠬᠤᠷᠠᠯ ᠳᠤ ᠰᠤᠯᠠ ᠣᠷᠣᠯᠴᠠᠪᠠ᠃ |