ᠳᠡᠭᠡᠷ᠎ᠡ ᠬᠤᠷᠤᠭ᠎ᠠ ᠪᠠᠯᠭᠠᠰᠤ ᠦᠢᠯᠡᠴᠢᠯᠡᠭᠡ ᠪᠠᠨ ᠴᠢᠩᠭᠠᠳᠬᠠᠵᠤ ᠡᠳ᠋ ᠪᠣᠳᠠᠰ ᠤᠨ ᠪᠠᠲᠤᠯᠠᠭ᠎ᠠ ᠶᠢ ᠳᠡᠭᠡᠭᠰᠢᠯᠡᠭᠦᠯᠦᠨ ᠬᠠᠪᠤᠷ ᠤᠨ ᠲᠠᠷᠢᠶᠠᠯᠠᠭ᠎ᠠ ᠶᠢ ᠲᠤᠰᠠᠯᠠᠨ᠎ᠠ
ᠨᠡᠶᠢᠲᠡᠯᠡᠭᠰᠡᠨ ᠴᠠᠭ᠄
2025/2/21
    ᠳᠡᠭᠡᠷ᠎ᠡ ᠬᠤᠷᠤᠭ᠎ᠠ ᠪᠠᠯᠭᠠᠰᠤ ᠠᠵᠤ ᠦᠢᠯᠡᠰ ᠢᠶᠠᠷ ᠠᠷᠠᠳ ᠢ ᠪᠠᠶᠠᠵᠢᠭᠤᠯᠬᠤ ᠪᠠ ᠤᠨᠴᠠᠯᠢᠬᠳᠤ ᠲᠠᠷᠢᠶᠠᠯᠠᠩ ᠤᠨ ᠲᠠᠷᠢᠮᠠᠯ ᠤᠨ ᠲᠣᠭᠤᠷᠢᠨ ᠳᠤ ᠮᠡᠷᠭᠡᠵᠢᠯ ᠤᠨ  ᠦᠢᠯᠡᠴᠢᠯᠡᠭᠡ ᠥᠷᠨᠢᠭᠦᠯᠵᠦ᠂ ᠠᠵᠤ ᠦᠢᠯᠡᠰ ᠤᠨ ᠪᠦᠲᠦᠴᠡ ᠶᠢ ᠰᠢᠯᠢᠳᠡᠭᠵᠢᠭᠦᠯᠦᠨ᠂ ᠪᠣᠬᠢᠷᠲᠤᠯ ᠥᠬᠡᠶ ᠲᠠᠷᠢᠶᠠᠯᠠᠩ ᠤᠨ ᠪᠦᠲᠦᠭᠡᠭᠳᠡᠬᠦᠨ ᠤ ᠰᠠᠭᠤᠷᠢᠨ ᠭᠠᠵᠠᠷ ᠢ ᠬᠥᠭᠵᠢᠭᠦᠯᠵᠦ᠂ ᠬᠠᠰᠢᠶ᠎ᠠ ᠰᠠᠷᠠᠪᠴᠢ ᠶᠢᠨ ᠶᠡᠷᠦᠩᠬᠡᠶᠢᠯᠡᠭᠰᠡᠨ ᠦᠢᠯᠡᠳᠪᠤᠷᠢᠯᠡᠯ ᠤᠨ ᠴᠢᠳᠠᠪᠤᠷᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠦᠨ᠂ ᠬᠠᠪᠤᠷ ᠤᠨ ᠲᠠᠷᠢᠶᠠᠯᠠᠭ᠎ᠠ ᠶᠢ ᠬᠠᠮᠢᠶᠠᠷᠤᠨ ᠬᠠᠮᠠᠭᠠᠯᠠᠬᠤ ᠶᠢ ᠴᠢᠩᠭᠠᠳᠬᠠᠵᠤ᠂ ᠬᠠᠪᠤᠷ ᠤᠨ ᠲᠠᠷᠢᠶᠠᠯᠠᠭ᠎ᠠ ᠶᠢᠨ ᠦᠢᠯᠡᠳᠪᠤᠷᠢᠯᠡᠯ ᠤᠨ ᠲᠥᠯᠥᠪᠯᠡᠭᠡ ᠶᠢ ᠡᠷᠲᠡ ᠳᠣᠭᠢᠷᠠᠭᠤᠯᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠳᠡᠯᠭᠡᠷᠡᠭᠦᠯᠦᠯᠲᠡ ᠶᠢ ᠡᠷᠲᠡ ᠪᠠᠶᠢᠷᠢᠯᠠᠭᠤᠯᠵᠤ᠂ ᠤᠨᠠᠯᠲᠠ ᠶᠢ ᠨᠡᠮᠡᠭᠳᠡᠭᠦᠯᠬᠦ ᠠᠷᠭ᠎ᠠ ᠬᠡᠮᠵᠢᠶ᠎ᠡ ᠶᠢ ᠡᠷᠲᠡ ᠨᠠᠶᠢᠳᠠᠪᠤᠷᠢᠵᠢᠭᠤᠯᠵᠤ᠂ ᠪᠥᠬᠦ ᠪᠠᠯᠭᠠᠰᠤᠨ ᠤ ᠬᠠᠪᠤᠷ ᠤᠨ ᠲᠠᠷᠢᠶᠠᠯᠠᠭ᠎ᠠ ᠶᠢᠨ ᠦᠢᠯᠡᠳᠪᠤᠷᠢᠯᠡᠯ ᠤᠨ ᠤᠷᠤᠭᠰᠢᠲᠠᠶ ᠶᠠᠪᠤᠭᠳᠠᠬᠤ ᠶᠢ ᠪᠠᠲᠤᠯᠠᠨ᠎ᠠ᠃ ᠨᠢᠭᠡ ᠲᠠᠯ᠎ᠠ ᠪᠠᠷ᠂ ᠡᠳ᠋ ᠪᠣᠳᠠᠰ ᠤᠨ ᠦᠢᠯᠡᠳᠪᠦᠷᠢᠯᠡᠯ ᠢ ᠠᠬᠢᠭᠤᠯᠬᠤ ᠶᠢ ᠵᠣᠬᠢᠴᠠᠭᠤᠯᠵᠤ᠂ ᠬᠠᠩᠭᠠᠯᠭ᠎ᠠ ᠶᠢ ᠬᠠᠩᠭᠠᠵᠤ ᠬᠠᠪᠤᠷ ᠤᠨ ᠲᠠᠷᠢᠶᠠᠯᠠᠭ᠎ᠠ ᠶᠢ ᠪᠠᠲᠤᠯᠠᠪᠠ᠃ ᠲᠠᠷᠢᠶᠠᠯᠠᠩ ᠤᠨ ᠦᠢᠯᠡᠳᠪᠦᠷᠢᠯᠡᠯ ᠤᠨ ᠡᠳ᠋ ᠪᠣᠳᠠᠰ ᠤᠨ ᠬᠠᠩᠭᠠᠯᠭ᠎ᠠ ᠶᠢ ᠰᠢᠢᠳᠪᠦᠷᠢᠯᠡᠵᠦ᠂ ᠲᠥᠪᠡᠳ ᠬᠠᠰᠢ ᠶᠢᠨ ᠲᠠᠷᠢᠶᠠᠨ ᠭᠠᠵᠠᠷ ᠤᠨ ᠬᠠᠮᠢᠶᠠᠷᠤᠯᠲᠠ ᠶᠢ ᠴᠢᠩᠭᠠᠳᠬᠠᠵᠤ᠂ ᠵᠠᠬ᠎ᠠ ᠳᠡᠯᠭᠡᠭᠦᠷ ᠤᠨ ᠬᠠᠩᠭᠠᠯᠭ᠎ᠠ ᠶᠢ ᠦᠨᠡᠨ ᠬᠦ ᠪᠠᠲᠤᠯᠠᠵᠤ᠂ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ ᠰᠠᠯᠠᠭ᠎ᠠ ᠮᠥᠴᠢᠷ ᠲᠠᠢ ᠬᠠᠷᠢᠯᠴᠠᠵᠤ ᠬᠢᠮᠢ ᠶᠢᠨ ᠪᠤᠷᠳᠤᠭᠤᠷ᠂ ᠲᠠᠷᠢᠶᠠᠨ ᠡᠮ᠂ ᠲᠠᠷᠢᠶᠠᠯᠠᠩ ᠤᠨ ᠪᠦᠷᠬᠦᠪᠴᠢ᠂ ᠳᠤᠰᠤᠯᠭᠠᠨ ᠤᠰᠤᠯᠠᠬᠤ ᠪᠦᠰᠡ ᠵᠡᠷᠭᠡ ᠲᠠᠷᠢᠶᠠᠯᠠᠩ ᠳᠤ ᠬᠡᠷᠡᠭᠯᠡᠬᠦ ᠡᠳ᠋ ᠪᠣᠳᠠᠰ ᠢ ᠵᠣᠬᠢᠴᠠᠭᠤᠯᠬᠤ ᠪᠠ ᠰᠢᠯᠵᠢᠭᠦᠯᠦᠨ ᠲᠡᠭᠡᠭᠡᠪᠦᠷᠢᠯᠡᠬᠦ ᠠᠵᠢᠯ ᠢ ᠤᠷᠢᠳᠴᠢᠯᠠᠨ ᠰᠠᠶᠢᠲᠤᠷ ᠬᠢᠵᠦ᠂ ᠦᠢᠯᠡᠳᠪᠦᠷᠢᠯᠡᠯ ᠤᠨ ᠬᠡᠷᠡᠭᠴᠡᠭᠡ ᠶᠣᠰᠣᠭᠠᠷ᠂ ᠲᠦᠷᠦᠯ ᠵᠦᠢᠯ ᠬᠤᠪᠢᠶᠠᠨ ᠡᠯ᠎ᠡ ᠲᠦᠷᠦᠯ ᠤᠨ ᠦᠷ᠎ᠡ ᠶᠢ ᠭᠦᠢᠴᠡᠳ ᠪᠠᠯᠠᠳᠭᠡᠨ᠎ᠡ᠃ ᠣᠲᠣ ᠪᠣᠯᠲᠠᠯ᠎ᠠ᠂ ᠪᠥᠬᠦ ᠪᠠᠯᠭᠠᠰᠤᠨ ᠤ 2800 ᠲᠣᠨ ᠬᠢᠮᠢ ᠶᠢᠨ ᠪᠣᠷᠲᠣᠭᠤᠷ ᠨᠥᠭᠡᠴᠡᠯᠡᠵᠦ᠂ 15 ᠲᠣᠨ ᠲᠠᠷᠢᠶᠠᠨ ᠡᠮ᠂ 380 ᠲᠣᠨ ᠲᠠᠷᠢᠶᠠᠯᠠᠩ ᠤᠨ ᠵᠤᠯᠤᠮ᠎ᠠ ᠪᠦᠷᠬᠦᠪᠴᠢ᠂ 9000 ᠭᠠᠷᠤᠶ ᠪᠣᠭᠤᠵᠢ ᠤᠰᠤᠯᠠᠬᠤ ᠪᠦᠰᠡ᠂ 6 ᠲᠣᠨ ᠴᠢᠨᠠᠷ ᠰᠠᠶᠢᠲᠠᠶ ᠲᠡᠷᠢᠶᠡᠨ ᠦᠷ᠎ᠡ ᠨᠥᠭᠡᠴᠡᠯᠡᠵᠦ ᠪᠠᠶᠢᠨ᠎ᠠ᠃ ᠨᠥᠭᠦᠭᠡ ᠲᠠᠯ᠎ᠠ ᠪᠠᠷ᠂ ᠰᠢᠨᠵᠢᠯᠡᠬᠦ ᠤᠬᠠᠭᠠᠨ ᠮᠡᠷᠭᠡᠵᠢᠯ ᠤᠨ ᠦᠢᠯᠡᠴᠢᠯᠡᠭᠡ ᠭᠠᠷᠤᠯᠲᠠ ᠪᠠᠨ ᠨᠡᠮᠡᠭᠳᠡᠭᠦᠯᠬᠦ ᠶᠢ ᠠᠬᠢᠭᠤᠯᠵᠤ᠂ ᠲᠠᠷᠢᠶᠠᠨ ᠭᠠᠵᠠᠷ ᠤᠨ ᠬᠠᠮᠢᠶᠠᠷᠤᠯᠲᠠ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ᠃ ᠲᠠᠷᠢᠶᠠᠯᠠᠩ ᠤᠨ ᠮᠡᠷᠭᠡᠵᠢᠯ ᠤᠨ ᠠᠵᠢᠯᠲᠠᠳ ᠬᠦᠷᠢᠶᠡᠯᠡᠩ ᠲᠣᠭᠤᠷᠢᠭ ᠤᠨ ᠬᠠᠰᠢᠶ᠎ᠠ ᠰᠠᠷᠠᠪᠴᠢ ᠳᠤ ᠭᠦᠨᠵᠡᠭᠡᠶᠢᠷᠡᠵᠦ᠂ ᠮᠡᠷᠭᠡᠵᠢᠯ ᠤᠨ ᠵᠢᠯᠣᠭᠤᠳᠣᠯᠭ᠎ᠠ ᠥᠷᠨᠢᠭᠦᠯᠵᠦ᠂ ᠡᠪᠡᠳᠴᠢᠨ ᠬᠤᠷᠣᠬᠠᠶ ᠶᠢᠨ ᠬᠥᠨᠥᠭᠡᠯ ᠢ ᠰᠢᠨᠵᠢᠯᠡᠬᠦ ᠤᠬᠠᠭᠠᠨᠴᠢ ᠪᠠᠷ ᠰᠡᠷᠭᠡᠶᠢᠯᠡᠨ ᠵᠠᠰᠠᠵᠤ᠂ ᠰᠡᠷᠭᠡᠶᠢᠯᠡᠬᠦ ᠪᠠᠷ ᠭᠤᠤᠯ ᠪᠣᠯᠭᠠᠨ᠂ ᠶᠡᠷᠦᠩᠬᠡᠶᠢᠯᠡᠨ ᠰᠡᠷᠭᠡᠶᠢᠯᠡᠬᠦ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠵᠤ᠂ ᠮᠡᠷᠭᠡᠵᠢᠯ ᠤᠨ ᠠᠵᠢᠯᠲᠠᠨ ᠤ ᠵᠢᠯᠣᠭᠤᠳᠣᠯᠭ᠎ᠠ ᠳᠣᠤᠷ᠎ᠠ᠂ ᠬᠦᠯᠡᠮᠵᠢ ᠳᠤ ᠬᠥᠬᠡ ᠬᠠᠪᠲᠠᠰᠤ᠂ ᠰᠢᠷ᠎ᠠ ᠬᠠᠪᠲᠠᠰᠤ᠂ ᠠᠮᠢᠳᠤ ᠪᠣᠳᠠᠰ ᠤᠨ ᠪᠠᠺᠲ᠋ᠧᠷᠢ ᠲᠠᠢ ᠲᠠᠷᠢᠶᠠᠨ ᠡᠮ ᠢ ᠬᠡᠷᠡᠭᠯᠡᠨ ᠶᠡᠷᠦᠩᠬᠡᠶᠢᠯᠡᠨ ᠰᠡᠷᠭᠡᠶᠢᠯᠡᠨ ᠵᠠᠰᠠᠵᠤ᠂ ᠰᠡᠷᠭᠡᠶᠢᠯᠡᠨ ᠵᠠᠰᠠᠭᠰᠠᠨ ᠲᠠᠯᠠᠪᠠᠶ ᠨᠢ 6000 ᠭᠠᠷᠤᠶ ᠮᠦ ᠳᠤ ᠬᠦᠷᠴᠦ᠂ ᠲᠠᠷᠢᠶᠠᠯᠠᠩ᠂ ᠹᠢᠽᠢᠺ᠂ ᠪᠣᠬᠢᠷᠲᠤᠯ ᠥᠬᠡᠶ ᠵᠡᠷᠭᠡ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠪᠠᠷ ᠳᠠᠮᠵᠢᠭᠤᠯᠤᠨ᠂ ᠡᠪᠡᠳᠴᠢᠨ ᠬᠤᠷᠣᠬᠠᠶ ᠶᠢᠨ ᠬᠥᠨᠥᠭᠡᠯ ᠢ ᠪᠦᠲᠦᠮᠵᠢᠲᠡᠶ ᠰᠡᠷᠭᠡᠶᠢᠯᠡᠨ ᠵᠠᠰᠠᠵᠤ᠂ ᠡᠯᠪᠡᠭ ᠬᠤᠷᠢᠶᠠᠯᠲᠠ ᠶᠢ ᠪᠠᠲᠤᠯᠠᠬᠤ ᠬᠠᠷᠠᠯᠲᠠ ᠶᠢ ᠪᠡᠶᠡᠯᠡᠬᠦᠯᠦᠨ᠎ᠡ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000963号