ᠨᠢᠩᠴᠧᠩ ᠰᠢᠶᠠᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠵᠢᠵᠢᠭ ᠦᠢᠯᠡᠳᠬᠡᠯ ᠤᠨ ᠢᠳᠡᠭᠡᠨ ᠤ ᠠᠮᠤᠷ ᠲᠦᠪᠰᠢᠨ ᠤ ᠲᠤᠰᠬᠠᠶ ᠪᠠᠶᠢᠴᠠᠭᠠᠯᠲᠠ ᠥᠷᠨᠢᠭᠦᠯᠪᠡ
ᠨᠡᠶᠢᠲᠡᠯᠡᠭᠰᠡᠨ ᠴᠠᠭ᠄
2025/2/21
    ᠢᠳᠡᠭᠡᠨ ᠦᠢᠯᠡᠳᠪᠦᠷᠢᠯᠡᠵᠦ ᠡᠳ᠋ᠰᠢᠭᠦᠯᠬᠦ ᠵᠢᠵᠢᠭ ᠦᠢᠯᠡᠳᠭᠡᠯ ᠤᠨ ᠢᠳᠡᠭᠡᠨ ᠤ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢ ᠦᠨᠡᠨ ᠬᠦ ᠴᠢᠩᠭᠠᠳᠬᠠᠵᠤ᠂ ᠢᠳᠡᠭᠡᠨ ᠦᠢᠯᠡᠳᠪᠦᠷᠢᠯᠡᠵᠦ ᠡᠳ᠋ᠰᠢᠭᠦᠯᠬᠦ ᠵᠢᠵᠢᠭ ᠦᠢᠯᠡᠳᠭᠡᠯ ᠤᠨ ᠡᠮᠬᠢ ᠵᠢᠷᠤᠮ ᠲᠠᠢ᠂ ᠡᠷᠡᠭᠦᠯ ᠢᠶᠠᠷ ᠬᠥᠭᠵᠢᠬᠦ ᠶᠢ ᠲᠦᠯᠬᠢᠨ ᠠᠬᠢᠭᠤᠯᠵᠤ᠂ ᠠᠷᠠᠳ ᠣᠯᠠᠨ ᠤ ᠢᠳᠡᠭᠡᠨ ᠤᠮᠳᠠᠭᠠᠨ ᠤ ᠠᠮᠤᠷ ᠲᠦᠪᠰᠢᠨ ᠢ ᠦᠨᠡᠨ ᠬᠦ ᠪᠠᠲᠤᠯᠠᠬᠤ ᠶᠢᠨ ᠲᠥᠯᠥᠭᠡ᠂ ᠣᠶᠢᠷ᠎ᠠ ᠳᠤ᠂ ᠰᠢᠶᠠᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠵᠢᠵᠢᠭ ᠦᠢᠯᠡᠳᠭᠡᠯ ᠤᠨ ᠢᠳᠡᠭᠡᠨ ᠤ ᠠᠮᠤᠷ ᠲᠦᠪᠰᠢᠨ ᠤ ᠲᠤᠰᠬᠠᠶ ᠪᠠᠶᠢᠴᠠᠭᠠᠯᠲᠠ ᠥᠷᠨᠢᠭᠦᠯᠪᠡ᠃    ᠬᠠᠤᠯᠢ ᠬᠡᠷᠡᠭᠵᠢᠭᠦᠯᠬᠦ ᠠᠵᠢᠯᠲᠠᠨ ᠢᠳᠡᠭᠡᠨ ᠦᠢᠯᠡᠳᠪᠦᠷᠢᠯᠡᠵᠦ ᠡᠳ᠋ᠰᠢᠭᠦᠯᠬᠦ ᠵᠢᠵᠢᠭ ᠦᠢᠯᠡᠳᠬᠡᠯ ᠳᠤ ᠭᠦᠨᠵᠡᠭᠡᠶᠢᠷᠡᠵᠦ᠂ ᠲᠦᠭᠦᠬᠡᠶ ᠮᠠᠲ᠋ᠧᠷᠢᠶᠠᠯ ᠬᠤᠳᠠᠯᠳᠤᠨ ᠠᠪᠬᠤ ᠶᠢ ᠪᠠᠶᠢᠴᠠᠭᠠᠨ ᠰᠢᠯᠭᠠᠵᠤ ᠲᠡᠮᠳᠡᠭᠯᠡᠬᠦ ᠳᠦᠷᠢᠮ ᠢ ᠭᠦᠢᠴᠡᠳᠬᠡᠬᠦ᠂ ᠠᠵᠢᠯ ᠡᠷᠭᠢᠯᠡᠭᠰᠡᠳ ᠤᠨ ᠡᠷᠡᠭᠦᠯ ᠮᠡᠨᠳᠦ ᠶᠢᠨ ᠭᠡᠷᠡᠴᠢ ᠲᠡᠮᠳᠡᠭᠯᠡᠬᠦ᠂ ᠦᠢᠯᠡᠳᠪᠦᠷᠢᠯᠡᠯ ᠤᠨ ᠣᠷᠴᠢᠨ ᠲᠣᠭᠤᠷᠢᠨ ᠤ ᠪᠠᠶᠢᠳᠠᠯ᠂ ᠲᠥᠬᠦᠭᠡᠷᠦᠮᠵᠢ ᠶᠢᠨ ᠠᠵᠢᠯᠯᠠᠭᠠᠨ᠂ ᠠᠵᠢᠯᠯᠠᠬᠤ ᠶᠠᠪᠤᠴᠠ᠂ ᠢᠳᠡᠭᠡᠨ ᠤ ᠲᠦᠭᠦᠬᠡᠶ ᠮᠠᠲ᠋ᠧᠷᠢᠶᠠᠯ ᠲᠤᠰᠠᠯᠠᠬᠤ ᠮᠠᠲ᠋ᠧᠷᠢᠶᠠᠯ ᠤᠨ ᠱᠠᠭᠠᠷᠳᠠᠯᠭ᠎ᠠ᠂ ᠢᠳᠡᠭᠡᠨ ᠤ ᠨᠡᠮᠡᠯᠲᠡ ᠡᠳ᠋ ᠬᠡᠷᠡᠭᠯᠡᠬᠦ᠂ ᠢᠳᠡᠭᠡᠨ ᠬᠠᠳᠠᠭᠠᠯᠠᠬᠤ ᠪᠠ ᠲᠡᠭᠡᠭᠡᠪᠦᠷᠢᠯᠡᠬᠦ ᠵᠡᠷᠭᠡ ᠡᠯ᠎ᠡ ᠲᠠᠯ᠎ᠠ ᠪᠠᠷ ᠲᠤᠬᠠᠶ ᠶᠢᠨ ᠭᠠᠵᠠᠷ ᠲᠤᠨᠢ ᠵᠢᠭᠠᠨ ᠵᠢᠯᠣᠭᠤᠳᠴᠤ ᠭᠦᠨᠵᠡᠭᠡᠶ ᠲᠠᠶᠢᠯᠪᠤᠷᠢᠯᠠᠪᠠ᠃ ᠡᠭᠦᠨ ᠤ ᠬᠠᠮᠲᠤ᠂ ᠬᠠᠤᠯᠢ ᠬᠡᠷᠡᠭᠵᠢᠭᠦᠯᠬᠦ ᠠᠵᠢᠯᠲᠠᠨ ᠵᠢᠵᠢᠭ ᠦᠢᠯᠡᠳᠬᠡᠯ ᠤᠨ ᠭᠠᠵᠠᠷ ᠲᠤ ︽ᠢᠳᠡᠭᠡᠨ ᠤ ᠠᠮᠤᠷ ᠲᠦᠪᠰᠢᠨ ᠤ ᠬᠠᠤᠯᠢ︾᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠢᠳᠡᠭᠡᠨ ᠦᠢᠯᠡᠳᠪᠦᠷᠢᠯᠡᠵᠦ ᠡᠳ᠋ᠰᠢᠭᠦᠯᠬᠦ ᠵᠢᠵᠢᠭ ᠦᠢᠯᠡᠳᠬᠡᠯ ᠪᠠ ᠢᠳᠡᠭᠡᠨ ᠤ ᠳᠡᠯᠭᠡᠭᠦᠷᠴᠢᠨ ᠤ ᠬᠠᠮᠢᠶᠠᠷᠤᠯᠲᠠ ᠶᠢᠨ ᠲᠦᠷᠢᠮ︾ ᠤᠨ ᠬᠠᠮᠢᠶ᠎ᠠ ᠪᠥᠬᠦᠶ ᠠᠭᠤᠯᠭ᠎ᠠ ᠶᠢ ᠤᠬᠠᠭᠤᠯᠤᠨ ᠲᠠᠶᠢᠯᠪᠤᠷᠢᠯᠠᠵᠤ᠂ ᠲᠡᠳᠡᠨ ᠢ ᠰᠢᠮᠳᠠᠭᠤᠯᠤᠨ ︽ᠡᠳᠦᠷ ᠤᠨ ᠬᠠᠮᠢᠶᠠᠷᠤᠯᠲᠠ ᠡᠵᠡᠮᠳᠡᠯ᠂ ᠭᠠᠷᠠᠭ ᠤᠨ ᠪᠠᠶᠢᠴᠠᠭᠠᠯᠲᠠ᠂ ᠰᠠᠷ᠎ᠠ ᠶᠢᠨ ᠲᠣᠬᠢᠷᠠᠭᠤᠯᠤᠯᠲᠠ ︾ ᠶᠢᠨ ᠠᠵᠢᠯ ᠤᠨ ᠲᠣᠭᠲᠠᠴᠠ ᠶᠢ ᠴᠢᠩᠭ᠎ᠠ ᠨᠠᠶᠢᠳᠠᠪᠤᠷᠢᠵᠢᠭᠤᠯᠵᠤ᠂ ᠢᠳᠡᠭᠡᠨ ᠤ ᠠᠮᠤᠷ ᠲᠦᠪᠰᠢᠨ ᠤ ᠥᠪᠡᠰᠦᠪᠡᠨ ᠪᠠᠶᠢᠴᠠᠭᠠᠬᠤ ᠲᠦᠷᠢᠮ ᠢ ᠰᠠᠶᠢᠲᠤᠷ ᠨᠠᠶᠢᠳᠠᠪᠤᠷᠢᠵᠢᠭᠤᠯᠤᠨ᠂ ᠢᠳᠡᠭᠡᠨ ᠤ ᠠᠮᠤᠷ ᠲᠦᠪᠰᠢᠨ ᠤ ᠦᠵᠡᠯ ᠤᠬᠠᠮᠰᠠᠷ ᠢ ᠴᠢᠩᠭᠠᠷᠠᠭᠤᠯᠵᠤ᠂ ᠢᠳᠡᠭᠡᠨ ᠤ ᠠᠮᠤᠷ ᠲᠦᠪᠰᠢᠨ ᠤ ᠭᠤᠤᠯ ᠴᠣᠭᠴᠠ ᠶᠢᠨ ᠬᠠᠷᠢᠭᠤᠴᠠᠯᠭ᠎ᠠ ᠶᠢ ᠪᠣᠳᠠᠲᠠᠶᠢᠵᠢᠭᠤᠯᠪᠠ᠃ ᠣᠲᠣ ᠪᠣᠯᠲᠠᠯ᠎ᠠ᠂ ᠵᠢᠵᠢᠭ ᠦᠢᠯᠡᠳᠬᠡᠯ ᠤᠨ ᠭᠠᠵᠠᠷ ᠤᠨ ᠡᠵᠡᠩᠨᠡᠯᠲᠡ ᠶᠢᠨ ᠨᠢᠭᠡᠴᠡ ᠶᠢ ᠨᠡᠶᠢᠲᠡ 42 ᠪᠠᠶᠢᠴᠠᠭᠠᠵᠤ ᠂ ᠪᠠᠶᠢᠴᠠᠭᠠᠯᠲᠠ ᠳᠤ ᠢᠯᠡᠷᠡᠭᠦᠯᠦᠭᠰᠡᠨ ᠡᠬᠡ ᠲᠠᠩᠰᠠ ᠶᠢᠨ ᠲᠡᠮᠳᠡᠭᠯᠡᠯ ᠨᠢ ᠪᠦᠷᠢᠨ ᠪᠤᠰᠤ᠂ ᠡᠷᠡᠭᠦᠯ ᠬᠠᠮᠠᠭᠠᠯᠠᠯ ᠤᠨ ᠬᠠᠮᠢᠶᠠᠷᠤᠯᠲᠠ ᠨᠢ ᠵᠢᠷᠤᠮᠵᠢᠯ ᠥᠬᠡᠶ ᠵᠡᠷᠭᠡ ᠠᠰᠠᠭᠤᠳᠠᠯ ᠳᠤ ᠴᠢᠭᠯᠡᠭᠦᠯᠦᠨ ᠨᠢᠭᠡᠨᠲᠡ ᠲᠡᠭᠦᠨ ᠢ ᠬᠤᠭᠤᠴᠠᠭ᠎ᠠ ᠲᠣᠭᠲᠠᠭᠠᠨ ᠴᠡᠭᠴᠡᠯᠡᠨ ᠥᠭᠡᠷᠡᠴᠢᠯᠡᠭᠦᠯᠬᠦ ᠪᠠᠷ ᠵᠠᠷᠯᠢᠭᠳᠠᠪᠠ᠃ ᠲᠠᠷᠠᠭᠠᠴᠢ ᠶᠢᠨ ᠠᠯᠬᠤᠮ ᠳᠤ᠂ ᠰᠢᠶᠠᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠢᠳᠡᠭᠡᠨ ᠪᠣᠯᠪᠠᠰᠤᠷᠠᠭᠤᠯᠬᠤ ᠵᠢᠵᠢᠭ ᠦᠢᠯᠡᠳᠬᠡᠯ ᠤᠨ ᠭᠠᠵᠠᠷ ᠤᠨ ᠬᠢᠨᠠᠯᠲᠠ ᠬᠠᠮᠢᠶᠠᠷᠤᠯᠲᠠ ᠶᠢᠨ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠲᠣᠭᠲᠠᠮᠠᠯ ᠪᠤᠰᠤ ᠬᠤᠭᠤᠴᠠᠭ᠎ᠠ ᠲᠠᠢ ᠪᠠᠷ ︽ᠡᠷᠬᠢᠨ ᠬᠠᠷᠠᠬᠤ︾᠂ ᠢᠳᠡᠭᠡᠨ ᠤ ᠵᠢᠵᠢᠭ ᠦᠢᠯᠡᠳᠬᠡᠯ ᠤᠨ ᠭᠠᠵᠠᠷ ᠤᠨ ᠬᠢᠨᠠᠯᠲᠠ ᠬᠠᠮᠢᠶᠠᠷᠤᠯᠲᠠ ᠵᠢᠴᠢ ᠢᠳᠡᠭᠡᠨ ᠤ ᠶᠠᠰᠤ ᠴᠢᠨᠠᠷ ᠤᠨ ᠠᠮᠤᠷ ᠲᠦᠪᠰᠢᠨ ᠤ ᠬᠢᠷᠢ ᠲᠦᠪᠰᠢᠨ ᠢ ᠤᠯᠠᠮ ᠨᠢᠭᠡ ᠠᠯᠬᠤᠮ ᠴᠢᠩᠭᠠᠳᠬᠠᠵᠤ᠂ ᠣᠯᠠᠨ ᠲᠦᠮᠡᠨ ᠤ ᠢᠳᠡᠭᠡᠨ ᠤ ᠡᠬᠢ ᠡᠭᠦᠰᠦᠯ ᠠᠴᠠ ᠨᠢ ᠰᠠᠨᠠᠭ᠎ᠠ ᠠᠮᠤᠷ ᠢᠳᠡᠵᠦ᠂ ᠰᠠᠨᠠᠭ᠎ᠠ ᠠᠮᠤᠷ ᠢᠳᠡᠬᠦ ᠶᠢ ᠦᠨᠡᠨ ᠬᠦ ᠪᠠᠲᠤᠯᠠᠨ᠎ᠠ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000963号