| ᠨᠢᠭᠡ ᠳᠤ᠂ ᠰᠢᠨᠵᠢᠯᠡᠬᠦ ᠤᠬᠠᠭᠠᠨ ᠮᠡᠷᠭᠡᠵᠢᠯ ᠤᠨ ᠰᠤᠳᠤᠯᠤᠨ ᠨᠡᠭᠡᠭᠡᠬᠦ ᠣᠷᠣᠭᠤᠯᠤᠯᠲᠠ ᠶᠢ ᠴᠢᠩᠭᠠᠳᠬᠠᠵᠤ᠂ | ᠰᠢᠨ᠎ᠡ ᠶᠢ ᠡᠭᠦᠳᠬᠦ ᠬᠥᠳᠡᠯᠭᠡᠭᠦᠷ ᠢ ᠬᠥᠭᠵᠢᠭᠡᠨ᠎ᠡ᠃ ᠨᠢᠩᠴᠧᠩ ᠰᠢᠶᠠᠨ ᠰᠢᠨᠵᠢᠯᠡᠬᠦ ᠤᠬᠠᠭᠠᠨ ᠮᠡᠷᠭᠡᠵᠢᠯ ᠤᠨ | ᠰᠤᠳᠤᠯᠤᠨ ᠨᠡᠭᠡᠭᠡᠬᠦ ᠪᠡᠯᠡ ᠮᠥᠩᠭᠦ ᠶᠢᠨ ᠣᠷᠣᠭᠤᠯᠤᠯᠲᠠ ᠪᠠᠨ ᠦᠷᠭᠦᠯᠵᠢᠯᠡᠨ ᠨᠡᠮᠡᠭᠳᠡᠭᠦᠯᠦᠨ᠎ᠡ᠃ ︽ᠠᠷᠪᠠᠨ | ᠳᠥᠷᠪᠡᠳᠦᠭᠡᠷ ᠲᠠᠪᠤᠨ ᠵᠢᠯ︾ ᠠᠴᠠ ᠨᠠᠭᠠᠰᠢ᠂ ᠥᠪᠥᠷ ᠮᠣᠩᠭᠤᠯ ᠤᠨ ᠪᠥᠬᠦ ᠣᠷᠣᠨ ᠤ ᠡᠳ᠋ ᠤᠨ ᠵᠠᠰᠠᠭ ᠰᠢᠨᠵᠢᠯᠡᠬᠦ | ᠤᠬᠠᠭᠠᠨ ᠮᠡᠷᠭᠡᠵᠢᠯ ᠤᠨ ᠵᠠᠷᠤᠯᠭ᠎ᠠ 240 ᠳ᠋ᠦᠩᠰᠢᠭᠤᠷ ᠲᠥᠭᠦᠷᠢᠭ᠂ ᠵᠢᠯ ᠪᠦᠷᠢ ᠳᠤᠮᠳᠠᠴᠢ ᠪᠠᠷ 34.8% ᠪᠠᠷ | ᠨᠡᠮᠡᠭᠳᠡᠵᠦ᠂ ᠡᠶᠢᠮᠦ ᠶᠡᠭᠡ ᠣᠷᠴᠢᠨ ᠲᠣᠭᠤᠷᠢᠨ ᠳᠤ ᠨᠢᠩᠴᠧᠩ ᠰᠢᠶᠠᠨ ᠢᠳᠡᠪᠬᠢᠲᠡᠢ ᠴᠤᠤᠷᠢᠶᠠᠲᠤᠨ ᠳᠠᠭᠠᠪᠠ᠃ | 2024 ᠣᠨ ᠳᠤ ᠨᠢᠩᠴᠧᠩ ᠰᠢᠶᠠᠨ ᠤ ᠡᠳ᠋ ᠤᠨ ᠵᠠᠰᠠᠭ ᠤᠨ ᠰᠢᠨᠵᠢᠯᠡᠬᠦ ᠤᠬᠠᠭᠠᠨ ᠮᠡᠷᠭᠡᠵᠢᠯ ᠤᠨ ᠵᠠᠷᠤᠯᠭ᠎ᠠ 1.2 | ᠳ᠋ᠦᠩᠰᠢᠭᠤᠷ ᠲᠥᠭᠦᠷᠢᠭ ᠲᠤ ᠬᠦᠷᠴᠦ᠂ ᠳᠡᠭᠡᠷ᠎ᠡ ᠵᠢᠯ ᠤᠨ ᠬᠢ ᠠᠴᠠ 20% ᠪᠠᠷ ᠨᠡᠮᠡᠭᠳᠡᠨ᠂ ᠡᠩ ᠤᠨ ᠤᠯᠠᠨ | ᠨᠡᠶᠢᠲᠡ ᠶᠢᠨ ᠲᠥᠰᠦᠪ ᠤᠨ ᠵᠠᠷᠤᠯᠭ᠎ᠠ ᠳᠤ ᠡᠵᠡᠯᠡᠬᠦ ᠬᠤᠪᠢ ᠶᠢᠨ ᠵᠢᠩ ᠢ 7% ᠪᠣᠯᠲᠠᠯ᠎ᠠ ᠳᠡᠭᠡᠭᠰᠢᠯᠡᠭᠦᠯᠪᠡ᠃ | ᠭᠦᠢᠴᠡᠳ ᠪᠡᠯᠡ ᠮᠥᠩᠭᠦ ᠶᠢᠨ ᠳᠡᠮᠵᠢᠯᠭᠡ ᠨᠢ ᠠᠵᠤ ᠠᠬᠤᠶᠢᠯᠠᠯ ᠪᠠ ᠰᠢᠨᠵᠢᠯᠡᠬᠦ ᠤᠬᠠᠭᠠᠨ ᠤ ᠰᠤᠳᠤᠯᠭᠠᠨ ᠤ | ᠪᠠᠶᠢᠭᠤᠯᠤᠮᠵᠢ ᠶᠢᠨ ᠮᠡᠷᠭᠡᠵᠢᠯ ᠤᠨ ᠰᠢᠨ᠎ᠡ ᠶᠢ ᠡᠭᠦᠳᠬᠦ ᠠᠵᠢᠯᠯᠠᠭ᠎ᠠ ᠳᠤ ᠪᠠᠲᠤ ᠪᠠᠬᠢ ᠪᠠᠲᠤᠯᠠᠭ᠎ᠠ ᠬᠠᠩᠭᠠᠪᠠ᠃ | ᠨᠢᠩᠴᠧᠩ ᠰᠢᠶᠠᠨ ᠤ ᠪᠧᠨ ᠲᠧᠩ ᠲᠠᠷᠢᠶᠠᠯᠠᠩ ᠮᠠᠯ ᠠᠵᠤ ᠠᠬᠤᠢ ᠶᠢᠨ ᠠᠵᠤ ᠠᠬᠤᠶᠢᠯᠠᠯ ᠵᠠᠰᠠᠭ ᠤᠨ ᠣᠷᠳᠣᠨ ᠤ | ᠬᠠᠪᠰᠤᠷᠤᠨ ᠲᠡᠳᠬᠦᠬᠦ ᠪᠠᠷ ᠳᠠᠮᠵᠢᠭᠤᠯᠤᠨ 2000 ᠲᠦᠮᠡᠨ ᠲᠥᠭᠦᠷᠢᠭ ᠤᠨ ᠪᠡᠯᠡ ᠣᠷᠣᠭᠤᠯᠵᠤ ᠣᠶᠤᠨᠴᠢ | ᠲᠡᠵᠢᠭᠡᠨ ᠦᠷᠡᠵᠢᠭᠦᠯᠬᠦ ᠲᠥᠬᠦᠭᠡᠷᠦᠮᠵᠢ ᠶᠢ ᠰᠤᠳᠤᠯᠤᠨ ᠨᠡᠭᠡᠭᠡᠬᠦ ᠳᠤ ᠬᠡᠷᠡᠭᠯᠡᠵᠦ᠂ ᠨᠢᠭᠡ ᠢᠵᠢ ᠨᠠᠷᠢᠯᠢᠭ ᠣᠨᠣᠴᠠᠲᠠᠶ | ᠣᠷᠣᠭᠤᠯᠬᠤ ᠰᠢᠰᠲ᠋ᠧᠮ ᠢ ᠠᠮᠵᠢᠯᠲᠠ ᠲᠠᠢ ᠪᠠᠷ ᠰᠤᠳᠤᠯᠤᠨ ᠭᠠᠷᠭᠠᠵᠠᠢ᠃ ᠲᠣᠰ ᠰᠢᠰᠲ᠋ᠧᠮ ᠨᠢ ᠰᠡᠷᠡᠭᠳᠡᠭᠦᠷ ᠢᠶᠠᠷ | ᠳᠠᠮᠵᠢᠭᠤᠯᠤᠨ ᠠᠯᠠᠰᠢᠨ ᠦᠬᠡᠷ ᠣᠷᠣᠵᠤ ᠢᠷᠡᠭᠰᠡᠨ ᠪᠠᠶᠢᠳᠠᠯ ᠢ ᠬᠢᠨᠠᠨ ᠬᠡᠮᠵᠢᠵᠦ᠂ ᠨᠠᠷᠢᠯᠢᠭ ᠣᠨᠣᠴᠠᠲᠠᠶ ᠪᠠᠷ ᠪᠠᠯᠠ | ᠣᠷᠣᠭᠤᠯᠬᠤ ᠶᠢ ᠪᠡᠶᠡᠯᠡᠭᠦᠯᠵᠦ᠂ ᠲᠡᠵᠢᠭᠡᠯ ᠪᠣᠷᠳᠣᠭᠠᠨ ᠤ ᠠᠰᠢᠭᠯᠠᠯᠲᠠ ᠶᠢᠨ ᠨᠣᠷᠮ᠎ᠠ ᠶᠢ 15% ᠪᠠᠷ | ᠳᠡᠭᠡᠭᠰᠢᠯᠡᠭᠦᠯᠵᠦ᠂ ᠲᠡᠵᠢᠭᠡᠨ ᠦᠷᠡᠵᠢᠭᠦᠯᠬᠦ ᠥᠪᠡᠷ ᠤᠨ ᠥᠷᠲᠡᠭ ᠢ ᠪᠠᠷᠤᠭ 12% ᠪᠠᠷ ᠪᠠᠭᠤᠷᠠᠭᠤᠯᠵᠤ᠂ | ᠲᠡᠵᠢᠭᠡᠨ ᠦᠷᠡᠵᠢᠭᠦᠯᠬᠦ ᠦᠷ᠎ᠡ ᠠᠰᠢᠭ ᠢ ᠪᠦᠲᠦᠮᠵᠢᠲᠡᠶ ᠳᠡᠭᠡᠭᠰᠢᠯᠡᠭᠦᠯᠪᠡ᠃ | ᠬᠤᠶᠠᠷ ᠲᠤ᠂ ᠠᠵᠤ ᠠᠬᠤᠶᠢᠯᠠᠯ ᠳᠡᠭᠡᠳᠦ ᠰᠤᠷᠭᠠᠭᠤᠯᠢ ᠰᠢᠨᠵᠢᠯᠡᠬᠦ ᠤᠬᠠᠭᠠᠨ ᠤ ᠰᠤᠳᠤᠯᠭᠠᠨ ᠤ | ᠪᠠᠶᠢᠭᠤᠯᠤᠮᠵᠢ ᠶᠢᠨ ᠬᠠᠮᠲᠤᠷᠠᠯᠴᠠᠭ᠎ᠠ ᠶᠢ ᠠᠬᠢᠭᠤᠯᠵᠤ᠂ ᠦᠷ᠎ᠡ ᠪᠦᠲᠦᠭᠡᠯ ᠤᠨ ᠬᠤᠪᠢᠷᠠᠭᠤᠯᠤᠯᠲᠠ ᠶᠢ ᠠᠬᠢᠭᠤᠯᠤᠨ᠎ᠠ᠃ | ᠨᠢᠩᠴᠧᠩ ᠰᠢᠶᠠᠨ ᠦᠢᠯᠡᠳᠪᠦᠷᠢᠯᠡᠬᠦ ᠵᠢᠭᠠᠬᠤ ᠰᠤᠳᠤᠯᠬᠤ ᠬᠠᠮᠲᠤᠷᠠᠯᠴᠠᠭᠠᠨ ᠤ ᠲᠠᠪᠴᠠᠩ ᠢ ᠢᠳᠡᠪᠬᠢᠲᠡᠢ | ᠪᠠᠢᠭᠤᠯᠵᠤ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠲᠦᠷᠭᠡᠳᠭᠡᠨ ᠨᠠᠢᠳᠠᠪᠤᠷᠢᠵᠢᠭᠤᠯᠪᠠ᠃ | ᠣᠳᠣᠬᠠᠨ ᠪᠣᠯᠲᠠᠯ᠎ᠠ᠂ ᠨᠢᠭᠡᠨᠲᠡ 8 ᠶᠡᠭᠡ ᠳᠡᠭᠡᠳᠦ ᠰᠤᠷᠭᠠᠭᠤᠯᠢ᠂ 10 ᠰᠢᠨᠵᠢᠯᠡᠬᠦ ᠤᠬᠠᠭᠠᠨ ᠤ ᠰᠤᠳᠤᠯᠭᠠᠨ ᠤ | ᠪᠠᠶᠢᠭᠤᠯᠤᠮᠵᠢ ᠲᠠᠢ ᠬᠠᠮᠲᠤᠷᠠᠯᠴᠠᠭᠠᠨ ᠤ ᠬᠠᠷᠢᠴᠠᠭ᠎ᠠ ᠪᠠᠶᠢᠭᠤᠯᠪᠠ᠃ ᠲᠠᠷᠢᠶᠠᠯᠠᠩ ᠤᠨ ᠬᠦᠷᠢᠶᠡᠨ ᠳᠤ᠂ ︽ᠴᠢᠨᠠᠷ | ᠰᠠᠶᠢᠲᠠᠶ ᠢᠳᠡᠰᠢᠨ ᠨᠣᠭᠤᠭ᠎ᠠ ᠶᠢᠨ ᠡᠭᠦᠯᠳᠡᠷ ᠢ ᠰᠣᠩᠭᠤᠨ ᠪᠤᠶᠢᠵᠢᠭᠤᠯᠬᠤ ᠵᠢᠴᠢ ᠪᠣᠬᠢᠷᠲᠤᠯ ᠥᠬᠡᠶ ᠳᠠᠷᠢᠵᠤ | ᠪᠤᠶᠢᠵᠢᠭᠤᠯᠬᠤ ᠮᠡᠷᠭᠡᠵᠢᠯ ᠤᠨ ᠵᠢᠱᠢᠶ᠎ᠡ ᠦᠵᠡᠭᠦᠯᠦᠨ ᠳᠡᠯᠭᠡᠷᠡᠭᠦᠯᠬᠦ︾ ᠲᠥᠷᠥᠯ ᠵᠤᠶᠢᠯ ᠢᠯᠡᠳᠲᠡ ᠦᠷ᠎ᠡ ᠪᠦᠲᠦᠮᠵᠢ | ᠤᠯᠪᠠ᠃ ᠨᠢᠩᠴᠧᠩ ᠰᠢᠶᠠᠨ ᠤ ᠯᠢᠦᠶ ᠹᠧᠩ ᠲᠠᠷᠢᠶᠠᠯᠠᠩ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ | ᠺᠣᠮᠫᠠᠨᠢ ᠲᠡᠷᠢᠭᠦᠨ ᠤ ᠲᠠᠷᠢᠮᠠᠯ ᠲᠠᠷᠢᠬᠤ ᠮᠡᠷᠭᠡᠵᠢᠯ ᠢ ᠣᠷᠣᠭᠤᠯᠤᠨ ᠠᠪᠴᠢᠷᠠᠵᠤ᠂ ᠵᠢᠱᠢᠶ᠎ᠡ ᠦᠵᠡᠭᠦᠯᠦᠨ | ᠳᠡᠯᠭᠡᠷᠡᠭᠦᠯᠦᠭᠰᠡᠨ ᠲᠠᠯᠠᠪᠠᠶ ᠨᠢ 3 ᠲᠦᠮᠡᠨ ᠮᠥ ᠳᠤ ᠬᠦᠷᠴᠡᠶ᠃ ᠰᠢᠨ᠎ᠡ ᠮᠡᠷᠭᠡᠵᠢᠯ ᠨᠢ ᠲᠥᠮᠥᠰᠥ ᠶᠢᠨ ᠮᠦ | ᠪᠦᠷᠢ ᠶᠢᠨ ᠤᠨᠠᠯᠲᠠ ᠶᠢ 300 ᠺᠢᠯᠣᠭ᠍ᠷᠠᠮ ᠳᠡᠭᠡᠭᠰᠢᠯᠡᠭᠦᠯᠵᠦ᠂ ᠲᠠᠷᠢᠮᠠᠯ ᠤᠨ ᠶᠠᠰᠤ ᠴᠢᠨᠠᠷ ᠢ ᠴᠦ ᠢᠯᠡᠳᠲᠡ | ᠳᠡᠭᠡᠭᠰᠢᠯᠡᠭᠦᠯᠵᠦ᠂ ᠵᠠᠬ᠎ᠠ ᠳᠡᠯᠭᠡᠭᠦᠷ ᠤᠨ ᠪᠣᠷᠣᠯᠠᠭᠤᠯᠭ᠎ᠠ ᠶᠢᠨ ᠦᠨ᠎ᠡ ᠶᠢ 20% ᠪᠠᠷ ᠳᠡᠭᠡᠭᠰᠢᠯᠡᠭᠦᠯᠵᠦ᠂ ᠡᠷᠬᠢᠨ | ᠲᠣᠭᠤᠷᠢᠨ ᠤ ᠲᠠᠷᠢᠶᠠᠴᠢᠨ ᠡᠷᠦᠬᠡ ᠶᠢ ᠳᠠᠶᠢᠴᠢᠯᠠᠨ 5000 ᠲᠥᠭᠦᠷᠢᠭ ᠤᠨ ᠣᠷᠣᠯᠭ᠎ᠠ ᠶᠢ ᠨᠡᠮᠡᠭᠳᠡᠭᠦᠯᠵᠦ᠂ | ᠲᠠᠷᠢᠶᠠᠯᠠᠩ ᠤᠨ ᠠᠵᠤ ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢ ᠬᠦᠴᠦᠲᠡᠶ ᠠᠬᠢᠭᠤᠯᠪᠠ᠃ | ᠭᠤᠷᠪᠠ ᠳᠤ᠂ ᠰᠢᠨ᠎ᠡ ᠶᠢ ᠡᠭᠦᠳᠬᠦ ᠭᠤᠣᠯ ᠴᠣᠭᠴᠠ ᠶᠢ ᠪᠤᠶᠢᠵᠢᠭᠤᠯᠵᠤ᠂ ᠰᠢᠨᠵᠢᠯᠡᠬᠦ ᠤᠬᠠᠭᠠᠨ ᠮᠡᠷᠭᠡᠵᠢᠯ ᠤᠨ | ᠠᠵᠤ ᠠᠬᠤᠶᠢᠯᠠᠯ ᠤᠨ ᠪᠦᠯᠦᠭᠵᠢᠯ ᠢ ᠪᠤᠵᠠᠭᠠᠶᠢᠷᠠᠭᠤᠯᠤᠨ᠎ᠠ᠃ ᠨᠢᠩᠴᠧᠩ ᠰᠢᠶᠠᠨ ᠳᠡᠭᠡᠳᠦ ᠰᠢᠨ᠎ᠡ ᠮᠡᠷᠭᠡᠵᠢᠯ ᠤᠨ | ᠠᠵᠤ ᠠᠬᠤᠢᠯᠠᠯ ᠪᠣᠯᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠡᠯᠪᠡᠷᠢ ᠶᠢᠨ ᠳᠤᠮᠳᠠ ᠵᠢᠵᠢᠭ ᠠᠵᠤ ᠠᠬᠤᠶᠢᠯᠠᠯ ᠢ | ᠶᠡᠬᠡᠪᠡᠷ ᠬᠥᠮᠦᠵᠢᠭᠦᠯᠦᠨ᠎ᠡ᠃ 2024 ᠣᠨ ᠳᠤ᠂ ᠪᠦᠬᠦ ᠰᠢᠶᠠᠨ ᠤ ᠳᠡᠭᠡᠳᠦ ᠰᠢᠨ᠎ᠡ ᠮᠡᠷᠭᠡᠵᠢᠯ ᠤᠨ ᠠᠵᠤ | ᠠᠬᠤᠶᠢᠯᠠᠯ 16 ᠳᠤ ᠬᠦᠷᠴᠦ᠂ ᠳᠡᠭᠡᠷ᠎ᠡ ᠵᠢᠯ ᠤᠨ ᠬᠢ ᠠᠴᠠ 3 ᠡᠷᠦᠬᠡ ᠨᠡᠮᠡᠭᠳᠡᠵᠡᠢ᠃ ᠤᠯᠤᠰ ᠤᠨ ᠰᠢᠨᠵᠢᠯᠡᠬᠦ | ᠤᠬᠠᠭᠠᠨ ᠮᠡᠷᠭᠡᠵᠢᠯ ᠤᠨ ᠬᠡᠯᠪᠡᠷᠢ ᠶᠢᠨ ᠳᠤᠮᠳᠠ ᠵᠢᠵᠢᠭ ᠠᠵᠤ ᠠᠬᠤᠶᠢᠯᠠᠯ 20 ᠡᠷᠦᠬᠡ ᠨᠡᠮᠡᠭᠳᠡᠵᠦ᠂ ᠳᠡᠭᠡᠷ᠎ᠡ | ᠵᠢᠯ ᠤᠨ ᠬᠢ ᠠᠴᠠ 7 ᠡᠷᠦᠬᠡ ᠨᠡᠮᠡᠭᠳᠡᠵᠡᠢ᠃ ᠰᠢᠨ᠎ᠡ ᠪᠠᠷ ᠨᠡᠮᠡᠭᠳᠡᠭᠰᠡᠨ ᠰᠢᠨ᠎ᠡ ᠬᠡᠯᠪᠡᠷᠢ ᠶᠢᠨ ᠳᠤᠮᠳᠠ ᠵᠢᠵᠢᠭ ᠠᠵᠤ | ᠠᠬᠤᠶᠢᠯᠠᠯ 1 ᠡᠷᠦᠬᠡ ᠪᠣᠯᠵᠤ᠂ ᠨᠡᠶᠢᠲᠡ 9 ᠡᠷᠦᠬᠡ ᠪᠣᠯᠪᠠ᠃ ᠥᠪᠡᠷᠲᠡᠭᠡᠨ ᠵᠠᠰᠠᠬᠤ ᠣᠷᠣᠨ ᠤ ᠲᠤᠰᠬᠠᠶ | ᠮᠡᠷᠭᠡᠵᠢᠯ ᠤᠨ ᠣᠨᠴᠠ ᠰᠢᠨ᠎ᠡ ᠳᠤᠮᠳᠠ ᠵᠢᠵᠢᠭ ᠠᠵᠤ ᠠᠬᠤᠶᠢᠯᠠᠯ 2 ᠡᠷᠦᠬᠡ ᠰᠢᠨ᠎ᠡ ᠪᠠᠷ ᠨᠡᠮᠡᠭᠳᠡᠵᠦ᠂ ᠨᠡᠶᠢᠲᠡ 3 | ᠡᠷᠦᠬᠡ ᠪᠣᠯᠪᠠ᠃ | |