| ᠢᠳᠡᠭᠡᠨ ᠦᠢᠯᠡᠳᠪᠦᠷᠢᠯᠡᠵᠦ ᠡᠳ᠋ᠰᠢᠭᠦᠯᠬᠦ ᠵᠢᠵᠢᠭ ᠦᠢᠯᠡᠳᠭᠡᠯ ᠤᠨ ᠢᠳᠡᠭᠡᠨ ᠤ ᠠᠮᠤᠷ ᠲᠦᠪᠰᠢᠨ ᠤ ᠬᠢᠨᠠᠯᠲᠠ | ᠬᠠᠮᠢᠶᠠᠷᠤᠯᠲᠠ ᠶᠢ ᠦᠨᠡᠨ ᠬᠦ ᠴᠢᠩᠭᠠᠳᠬᠠᠵᠤ᠂ ᠢᠳᠡᠭᠡᠨ ᠦᠢᠯᠡᠳᠪᠦᠷᠢᠯᠡᠵᠦ ᠡᠳ᠋ᠰᠢᠭᠦᠯᠬᠦ ᠵᠢᠵᠢᠭ ᠦᠢᠯᠡᠳᠭᠡᠯ ᠤᠨ | ᠡᠮᠬᠢ ᠵᠢᠷᠤᠮ ᠲᠠᠢ᠂ ᠡᠷᠡᠭᠦᠯ ᠢᠶᠠᠷ ᠬᠥᠭᠵᠢᠬᠦ ᠶᠢ ᠲᠦᠯᠬᠢᠨ ᠠᠬᠢᠭᠤᠯᠵᠤ᠂ ᠠᠷᠠᠳ ᠣᠯᠠᠨ ᠤ ᠢᠳᠡᠭᠡᠨ ᠤᠮᠳᠠᠭᠠᠨ ᠤ | ᠠᠮᠤᠷ ᠲᠦᠪᠰᠢᠨ ᠢ ᠦᠨᠡᠨ ᠬᠦ ᠪᠠᠲᠤᠯᠠᠬᠤ ᠶᠢᠨ ᠲᠥᠯᠥᠭᠡ᠂ ᠣᠶᠢᠷ᠎ᠠ ᠳᠤ᠂ ᠰᠢᠶᠠᠨ ᠤ ᠵᠠᠬ᠎ᠠ ᠳᠡᠯᠭᠡᠭᠦᠷ ᠤᠨ | ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠵᠢᠵᠢᠭ ᠦᠢᠯᠡᠳᠭᠡᠯ ᠤᠨ ᠢᠳᠡᠭᠡᠨ ᠤ ᠠᠮᠤᠷ ᠲᠦᠪᠰᠢᠨ ᠤ ᠲᠤᠰᠬᠠᠶ | ᠪᠠᠶᠢᠴᠠᠭᠠᠯᠲᠠ ᠥᠷᠨᠢᠭᠦᠯᠪᠡ᠃ | ᠬᠠᠤᠯᠢ ᠬᠡᠷᠡᠭᠵᠢᠭᠦᠯᠬᠦ ᠠᠵᠢᠯᠲᠠᠨ ᠢᠳᠡᠭᠡᠨ ᠦᠢᠯᠡᠳᠪᠦᠷᠢᠯᠡᠵᠦ ᠡᠳ᠋ᠰᠢᠭᠦᠯᠬᠦ ᠵᠢᠵᠢᠭ ᠦᠢᠯᠡᠳᠬᠡᠯ ᠳᠤ | ᠭᠦᠨᠵᠡᠭᠡᠶᠢᠷᠡᠵᠦ᠂ ᠲᠦᠭᠦᠬᠡᠶ ᠮᠠᠲ᠋ᠧᠷᠢᠶᠠᠯ ᠬᠤᠳᠠᠯᠳᠤᠨ ᠠᠪᠬᠤ ᠶᠢ ᠪᠠᠶᠢᠴᠠᠭᠠᠨ ᠰᠢᠯᠭᠠᠵᠤ ᠲᠡᠮᠳᠡᠭᠯᠡᠬᠦ ᠳᠦᠷᠢᠮ ᠢ | ᠭᠦᠢᠴᠡᠳᠬᠡᠬᠦ᠂ ᠠᠵᠢᠯ ᠡᠷᠭᠢᠯᠡᠭᠰᠡᠳ ᠤᠨ ᠡᠷᠡᠭᠦᠯ ᠮᠡᠨᠳᠦ ᠶᠢᠨ ᠭᠡᠷᠡᠴᠢ ᠲᠡᠮᠳᠡᠭᠯᠡᠬᠦ᠂ ᠦᠢᠯᠡᠳᠪᠦᠷᠢᠯᠡᠯ ᠤᠨ ᠣᠷᠴᠢᠨ | ᠲᠣᠭᠤᠷᠢᠨ ᠤ ᠪᠠᠶᠢᠳᠠᠯ᠂ ᠲᠥᠬᠦᠭᠡᠷᠦᠮᠵᠢ ᠶᠢᠨ ᠠᠵᠢᠯᠯᠠᠭᠠᠨ᠂ ᠠᠵᠢᠯᠯᠠᠬᠤ ᠶᠠᠪᠤᠴᠠ᠂ ᠢᠳᠡᠭᠡᠨ ᠤ ᠲᠦᠭᠦᠬᠡᠶ | ᠮᠠᠲ᠋ᠧᠷᠢᠶᠠᠯ ᠲᠤᠰᠠᠯᠠᠬᠤ ᠮᠠᠲ᠋ᠧᠷᠢᠶᠠᠯ ᠤᠨ ᠱᠠᠭᠠᠷᠳᠠᠯᠭ᠎ᠠ᠂ ᠢᠳᠡᠭᠡᠨ ᠤ ᠨᠡᠮᠡᠯᠲᠡ ᠡᠳ᠋ ᠬᠡᠷᠡᠭᠯᠡᠬᠦ᠂ ᠢᠳᠡᠭᠡᠨ | ᠬᠠᠳᠠᠭᠠᠯᠠᠬᠤ ᠪᠠ ᠲᠡᠭᠡᠭᠡᠪᠦᠷᠢᠯᠡᠬᠦ ᠵᠡᠷᠭᠡ ᠡᠯ᠎ᠡ ᠲᠠᠯ᠎ᠠ ᠪᠠᠷ ᠲᠤᠬᠠᠶ ᠶᠢᠨ ᠭᠠᠵᠠᠷ ᠲᠤᠨᠢ ᠵᠢᠭᠠᠨ ᠵᠢᠯᠣᠭᠤᠳᠴᠤ | ᠭᠦᠨᠵᠡᠭᠡᠶ ᠲᠠᠶᠢᠯᠪᠤᠷᠢᠯᠠᠪᠠ᠃ ᠡᠭᠦᠨ ᠤ ᠬᠠᠮᠲᠤ᠂ ᠬᠠᠤᠯᠢ ᠬᠡᠷᠡᠭᠵᠢᠭᠦᠯᠬᠦ ᠠᠵᠢᠯᠲᠠᠨ ᠵᠢᠵᠢᠭ ᠦᠢᠯᠡᠳᠬᠡᠯ ᠤᠨ | ᠭᠠᠵᠠᠷ ᠲᠤ ︽ᠢᠳᠡᠭᠡᠨ ᠤ ᠠᠮᠤᠷ ᠲᠦᠪᠰᠢᠨ ᠤ ᠬᠠᠤᠯᠢ︾᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠤ ᠢᠳᠡᠭᠡᠨ ᠦᠢᠯᠡᠳᠪᠦᠷᠢᠯᠡᠵᠦ ᠡᠳ᠋ᠰᠢᠭᠦᠯᠬᠦ ᠵᠢᠵᠢᠭ ᠦᠢᠯᠡᠳᠬᠡᠯ ᠪᠠ ᠢᠳᠡᠭᠡᠨ ᠤ ᠳᠡᠯᠭᠡᠭᠦᠷᠴᠢᠨ ᠤ | ᠬᠠᠮᠢᠶᠠᠷᠤᠯᠲᠠ ᠶᠢᠨ ᠲᠦᠷᠢᠮ︾ ᠤᠨ ᠬᠠᠮᠢᠶ᠎ᠠ ᠪᠥᠬᠦᠶ ᠠᠭᠤᠯᠭ᠎ᠠ ᠶᠢ ᠤᠬᠠᠭᠤᠯᠤᠨ ᠲᠠᠶᠢᠯᠪᠤᠷᠢᠯᠠᠵᠤ᠂ ᠲᠡᠳᠡᠨ ᠢ | ᠰᠢᠮᠳᠠᠭᠤᠯᠤᠨ ︽ᠡᠳᠦᠷ ᠤᠨ ᠬᠠᠮᠢᠶᠠᠷᠤᠯᠲᠠ ᠡᠵᠡᠮᠳᠡᠯ᠂ ᠭᠠᠷᠠᠭ ᠤᠨ ᠪᠠᠶᠢᠴᠠᠭᠠᠯᠲᠠ᠂ ᠰᠠᠷ᠎ᠠ ᠶᠢᠨ ᠲᠣᠬᠢᠷᠠᠭᠤᠯᠤᠯᠲᠠ | ︾ ᠶᠢᠨ ᠠᠵᠢᠯ ᠤᠨ ᠲᠣᠭᠲᠠᠴᠠ ᠶᠢ ᠴᠢᠩᠭ᠎ᠠ ᠨᠠᠶᠢᠳᠠᠪᠤᠷᠢᠵᠢᠭᠤᠯᠵᠤ᠂ ᠢᠳᠡᠭᠡᠨ ᠤ ᠠᠮᠤᠷ ᠲᠦᠪᠰᠢᠨ ᠤ ᠥᠪᠡᠰᠦᠪᠡᠨ | ᠪᠠᠶᠢᠴᠠᠭᠠᠬᠤ ᠲᠦᠷᠢᠮ ᠢ ᠰᠠᠶᠢᠲᠤᠷ ᠨᠠᠶᠢᠳᠠᠪᠤᠷᠢᠵᠢᠭᠤᠯᠤᠨ᠂ ᠢᠳᠡᠭᠡᠨ ᠤ ᠠᠮᠤᠷ ᠲᠦᠪᠰᠢᠨ ᠤ ᠦᠵᠡᠯ ᠤᠬᠠᠮᠰᠠᠷ ᠢ | ᠴᠢᠩᠭᠠᠷᠠᠭᠤᠯᠵᠤ᠂ ᠢᠳᠡᠭᠡᠨ ᠤ ᠠᠮᠤᠷ ᠲᠦᠪᠰᠢᠨ ᠤ ᠭᠤᠤᠯ ᠴᠣᠭᠴᠠ ᠶᠢᠨ ᠬᠠᠷᠢᠭᠤᠴᠠᠯᠭ᠎ᠠ ᠶᠢ ᠪᠣᠳᠠᠲᠠᠶᠢᠵᠢᠭᠤᠯᠪᠠ᠃ | ᠣᠲᠣ ᠪᠣᠯᠲᠠᠯ᠎ᠠ᠂ ᠵᠢᠵᠢᠭ ᠦᠢᠯᠡᠳᠬᠡᠯ ᠤᠨ ᠭᠠᠵᠠᠷ ᠤᠨ ᠡᠵᠡᠩᠨᠡᠯᠲᠡ ᠶᠢᠨ ᠨᠢᠭᠡᠴᠡ ᠶᠢ ᠨᠡᠶᠢᠲᠡ 42 ᠪᠠᠶᠢᠴᠠᠭᠠᠵᠤ | ᠂ ᠪᠠᠶᠢᠴᠠᠭᠠᠯᠲᠠ ᠳᠤ ᠢᠯᠡᠷᠡᠭᠦᠯᠦᠭᠰᠡᠨ ᠡᠬᠡ ᠲᠠᠩᠰᠠ ᠶᠢᠨ ᠲᠡᠮᠳᠡᠭᠯᠡᠯ ᠨᠢ ᠪᠦᠷᠢᠨ ᠪᠤᠰᠤ᠂ ᠡᠷᠡᠭᠦᠯ ᠬᠠᠮᠠᠭᠠᠯᠠᠯ ᠤᠨ | ᠬᠠᠮᠢᠶᠠᠷᠤᠯᠲᠠ ᠨᠢ ᠵᠢᠷᠤᠮᠵᠢᠯ ᠥᠬᠡᠶ ᠵᠡᠷᠭᠡ ᠠᠰᠠᠭᠤᠳᠠᠯ ᠳᠤ ᠴᠢᠭᠯᠡᠭᠦᠯᠦᠨ ᠨᠢᠭᠡᠨᠲᠡ ᠲᠡᠭᠦᠨ ᠢ ᠬᠤᠭᠤᠴᠠᠭ᠎ᠠ | ᠲᠣᠭᠲᠠᠭᠠᠨ ᠴᠡᠭᠴᠡᠯᠡᠨ ᠥᠭᠡᠷᠡᠴᠢᠯᠡᠭᠦᠯᠬᠦ ᠪᠠᠷ ᠵᠠᠷᠯᠢᠭᠳᠠᠪᠠ᠃ ᠲᠠᠷᠠᠭᠠᠴᠢ ᠶᠢᠨ ᠠᠯᠬᠤᠮ ᠳᠤ᠂ ᠰᠢᠶᠠᠨ ᠤ ᠵᠠᠬ᠎ᠠ | ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠢᠳᠡᠭᠡᠨ ᠪᠣᠯᠪᠠᠰᠤᠷᠠᠭᠤᠯᠬᠤ ᠵᠢᠵᠢᠭ ᠦᠢᠯᠡᠳᠬᠡᠯ ᠤᠨ | ᠭᠠᠵᠠᠷ ᠤᠨ ᠬᠢᠨᠠᠯᠲᠠ ᠬᠠᠮᠢᠶᠠᠷᠤᠯᠲᠠ ᠶᠢᠨ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠲᠣᠭᠲᠠᠮᠠᠯ ᠪᠤᠰᠤ | ᠬᠤᠭᠤᠴᠠᠭ᠎ᠠ ᠲᠠᠢ ᠪᠠᠷ ︽ᠡᠷᠬᠢᠨ ᠬᠠᠷᠠᠬᠤ︾᠂ ᠢᠳᠡᠭᠡᠨ ᠤ ᠵᠢᠵᠢᠭ ᠦᠢᠯᠡᠳᠬᠡᠯ ᠤᠨ ᠭᠠᠵᠠᠷ ᠤᠨ ᠬᠢᠨᠠᠯᠲᠠ | ᠬᠠᠮᠢᠶᠠᠷᠤᠯᠲᠠ ᠵᠢᠴᠢ ᠢᠳᠡᠭᠡᠨ ᠤ ᠶᠠᠰᠤ ᠴᠢᠨᠠᠷ ᠤᠨ ᠠᠮᠤᠷ ᠲᠦᠪᠰᠢᠨ ᠤ ᠬᠢᠷᠢ ᠲᠦᠪᠰᠢᠨ ᠢ ᠤᠯᠠᠮ ᠨᠢᠭᠡ ᠠᠯᠬᠤᠮ | ᠴᠢᠩᠭᠠᠳᠬᠠᠵᠤ᠂ ᠣᠯᠠᠨ ᠲᠦᠮᠡᠨ ᠤ ᠢᠳᠡᠭᠡᠨ ᠤ ᠡᠬᠢ ᠡᠭᠦᠰᠦᠯ ᠠᠴᠠ ᠨᠢ ᠰᠠᠨᠠᠭ᠎ᠠ ᠠᠮᠤᠷ ᠢᠳᠡᠵᠦ᠂ ᠰᠠᠨᠠᠭ᠎ᠠ | ᠠᠮᠤᠷ ᠢᠳᠡᠬᠦ ᠶᠢ ᠦᠨᠡᠨ ᠬᠦ ᠪᠠᠲᠤᠯᠠᠨ᠎ᠠ᠃ | | | | | | | | | | | ᠁ |