ᠮᠠᠩᠨᠤᠳ ᠪᠠᠯᠭᠠᠰᠤ ︽ᠭᠤᠷᠪᠠᠨ ᠵᠤᠶᠢᠯ ᠤᠨ ᠵᠠᠭᠪᠤᠷ︾ ᠢ ᠤᠷᠠᠨ ᠢᠶᠠᠷ ᠬᠡᠷᠡᠭᠯᠡᠵᠦ  ᠲᠣᠰᠬᠤᠨ ᠤ ᠬᠠᠮᠲᠤ ᠶᠢᠨ ᠠᠵᠤ ᠠᠬᠤᠶ ᠶᠢᠨ ᠶᠠᠰᠤ ᠴᠢᠨᠠᠷ ᠤᠨ ᠦᠰᠦᠷᠦᠯᠲᠡ ᠶᠢ  ᠠᠬᠢᠭᠤᠯᠤᠨ᠎ᠠ
ᠨᠡᠶᠢᠲᠡᠯᠡᠭᠰᠡᠨ ᠴᠠᠭ᠄
2025/2/26
    ᠨᠢᠭᠡ ᠳᠤ᠂ ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠵᠤ᠂ ᠡᠳ᠋ ᠬᠥᠷᠥᠩᠭᠡ ᠶᠢᠨ ᠳᠠᠯᠳᠠ ᠴᠢᠳᠠᠪᠤᠷᠢ ᠶᠢ ᠬᠥᠭᠵᠢᠭᠡᠨ᠎ᠡ᠃ ᠮᠠᠩᠨᠤᠳ ᠪᠠᠯᠭᠠᠰᠤ ᠡᠯ᠎ᠡ ᠲᠣᠰᠬᠤᠨ ᠤ ᠡᠬᠢ ᠪᠠᠶᠠᠯᠢᠭ ᠤᠨ ᠳᠠᠯᠳᠠ ᠬᠦᠴᠦᠨ ᠢᠶᠠᠨ ᠠᠭᠤᠳᠠᠯᠵᠤ᠂ ᠲᠣᠰ ᠪᠡᠶ᠎ᠡ ᠶᠢᠨ ᠪᠣᠳᠠᠲᠤ ᠪᠠᠶᠢᠳᠠᠯ ᠢᠶᠠᠨ ᠦᠨᠳᠦᠰᠦᠯᠡᠨ ᠬᠠᠮᠲᠤ ᠶᠢᠨ ᠠᠵᠤ ᠠᠬᠤᠶ ᠶᠢ ᠬᠥᠭᠵᠢᠭᠦᠯᠬᠦ ᠶᠢ ᠵᠣᠷᠢᠭᠵᠢᠭᠤᠯᠪᠠ᠃ ᠳ᠋ᠠ ᠢᠦᠶ ᠱᠤ᠋ ᠯᠢᠨ ᠽᠢ ᠲᠣᠰᠬᠤᠨ᠂ ᠳ᠋ᠠ ᠮᠠᠩ ᠨᠦᠩ ᠶᠢᠩᠽᠢ ᠲᠣᠰᠬᠤᠨ ᠪᠠᠯᠭᠠᠰᠤᠨ ᠤ ᠣᠷᠣᠨ ᠪᠠᠶᠢᠷᠢ ᠶᠢᠨ ᠳᠠᠪᠠᠭᠤᠯᠢᠭ ᠢᠶᠠᠨ ᠠᠰᠢᠭᠯᠠᠨ᠂ ᠬᠡᠷ ᠪᠠᠶᠢᠰᠢᠩ᠂ ᠲᠠᠷᠢᠶᠠᠯᠠᠩ ᠤᠨ ᠠᠷᠠᠯᠵᠢᠶᠠᠨ ᠤ ᠵᠠᠬ᠎ᠠ ᠳᠡᠯᠭᠡᠭᠦᠷ ᠵᠡᠷᠭᠡ ᠲᠣᠭᠲᠠᠮᠠᠯ ᠬᠥᠷᠥᠩᠭᠡ ᠶᠢᠨ ᠣᠷᠣᠯᠭ᠎ᠠ ᠶᠢ ᠨᠡᠮᠡᠭᠳᠡᠭᠦᠯᠪᠡ᠃ ᠳ᠋ᠦᠩ ᠸᠠ ᠽᠢ ᠲᠣᠰᠬᠤᠨ ᠤ ᠰᠤᠯᠠ ᠪᠠᠶᠢᠭ᠎ᠠ ᠭᠠᠵᠠᠷ ᠰᠢᠷᠣᠢ ᠶᠢ ᠠᠮᠢᠳᠤᠯᠢᠭᠵᠢᠭᠤᠯᠵᠤ᠂ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠪᠠᠷ ᠳᠠᠮᠵᠢᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠷᠠᠳ ᠲᠤ ᠠᠰᠢᠭ ᠬᠦᠷᠲᠡᠭᠡᠬᠦ ᠶᠡᠷᠦᠩᠬᠡᠶᠢᠯᠡᠭᠰᠡᠨ ᠦᠢᠯᠡᠴᠢᠯᠡᠭᠡᠨ ᠤ ᠲᠥᠪ ᠢ ᠪᠠᠶᠢᠭᠤᠯᠵᠤ᠂ 1 ᠲᠦᠮᠡᠨ ᠲᠥᠭᠦᠷᠢᠭ ᠤᠨ ᠭᠠᠵᠠᠷ ᠰᠢᠷᠣᠢ ᠶᠢ ᠲᠦᠷᠢᠶᠡᠰᠦᠯᠡᠨ ᠥᠭᠴᠦ ︽ᠡᠬᠢ ᠪᠠᠶᠠᠯᠢᠭ ᠢ ᠡᠳ᠋ ᠬᠥᠷᠥᠩᠭᠡ ᠪᠣᠯᠭᠠᠨ ᠬᠤᠪᠢᠷᠠᠭᠤᠯᠵᠤ᠂ ᠦᠷ᠎ᠡ ᠠᠰᠢᠭ ᠭᠠᠷᠭᠠᠬᠤ︾ ᠶᠢ ᠪᠡᠶᠡᠯᠡᠭᠦᠯᠪᠡ᠃    ᠬᠤᠶᠠᠷ ᠲᠤ ᠲᠣᠰᠬᠤᠨ ᠬᠤᠯᠪᠣᠭᠠᠯᠠᠨ ᠪᠠᠶᠢᠭᠤᠯᠵᠤ᠂ ᠪᠦᠯᠬᠦᠮᠳᠡᠨ ᠬᠥᠭᠵᠢᠬᠦ ᠶᠢ ᠪᠡᠶᠡᠯᠡᠭᠦᠯᠦᠨ᠎ᠡ᠃ ᠺᠦᠨ ᠲᠧᠦ ᠶᠢᠩᠽᠢ ᠲᠣᠰᠬᠤᠨ ᠪᠣᠯᠤᠨ ᠰᠢ ᠵᠢᠶᠠᠨ ᠲᠣᠰᠬᠤᠨ ᠤ ᠲᠣᠰᠬᠤᠨ ᠠᠯᠤᠰᠯᠠᠨ ᠠᠮᠤ ᠪᠤᠳᠠᠭ᠎ᠠ ᠬᠤᠳᠠᠯᠳᠤᠨ ᠠᠪᠴᠤ ᠨᠥᠭᠡᠴᠡᠯᠡᠬᠦ ᠲᠥᠷᠥᠯ ᠵᠦᠢᠯ ᠢ ᠬᠠᠮᠲᠤᠷᠠᠨ ᠬᠡᠷᠡᠭᠵᠢᠭᠦᠯᠵᠦ᠂ ᠳ᠋ᠠ ᠢᠦᠢ ᠱᠤ᠋ ᠯᠢᠨ ᠽᠢ ᠲᠣᠰᠬᠤᠨ ᠪᠣᠯᠤᠨ ᠰᠢᠶᠤᠤ ᠢᠦᠢ ᠱᠤ᠋ ᠯᠢᠨ ᠽᠢ ᠲᠣᠰᠬᠤᠨ ᠬᠠᠮᠲᠤᠷᠠᠨ ᠲᠡᠵᠢᠭᠡᠯ ᠪᠣᠷᠳᠤᠭ᠎ᠠ ᠡᠳ᠋ᠰᠢᠭᠦᠯᠬᠦ ᠲᠥᠷᠥᠯ ᠵᠦᠢᠯ ᠢ ᠥᠷᠨᠢᠭᠦᠯᠵᠦ᠂ ᠡᠳ᠋ ᠬᠥᠷᠥᠩᠭᠡ ᠶᠢᠨ ᠲᠣᠭᠲᠠᠮᠠᠯ ᠠᠰᠢᠭ ᠣᠯᠵᠠᠪᠤᠷᠢ ᠶᠢᠨ ᠵᠠᠭᠪᠤᠷ ᠢ ᠬᠡᠷᠡᠭᠯᠡᠵᠦ᠂ ᠵᠢᠱᠢᠯᠲᠡ ᠪᠠᠷ ᠲᠣᠰᠬᠤᠨ ᠪᠦᠷᠢ ᠵᠢᠯ ᠪᠦᠷᠢ 5.25 ᠲᠦᠮᠡᠨ ᠲᠥᠭᠦᠷᠢᠭ ᠤᠨ ᠣᠷᠣᠯᠭ᠎ᠠ ᠨᠡᠮᠡᠭᠳᠡᠬᠦ ᠪᠣᠯᠤᠨ᠎ᠠ᠃ ︽ᠲᠣᠰᠬᠤᠨ ᠲᠠᠢ ᠬᠤᠯᠪᠣᠭᠠᠯᠠᠨ ᠬᠠᠮᠲᠤ ᠪᠠᠷ ᠪᠠᠶᠢᠭᠤᠯᠬᠤ︾ ᠵᠠᠭᠪᠤᠷ ᠨᠢ ᠠᠵᠤ ᠦᠢᠯᠡᠰ ᠤᠨ ᠲᠥᠷᠥᠯ ᠵᠦᠢᠯ ᠤᠨ ᠦᠢᠯᠡᠳᠦᠯ ᠴᠢᠳᠠᠪᠤᠷᠢ ᠶᠢ ᠨᠡᠮᠡᠭᠳᠡᠭᠦᠯᠵᠦ᠂ ᠡᠷᠳᠡᠨᠢ ᠰᠢᠰᠢ᠂ ᠲᠡᠵᠢᠭᠡᠯ ᠪᠣᠷᠳᠤᠭ᠎ᠠ ᠵᠢᠴᠢ ᠠᠯᠠᠰᠢᠨ ᠦᠬᠡᠷ ᠤᠨ ᠠᠵᠤ ᠦᠢᠯᠡᠰ ᠤᠨ ᠬᠡᠯᠬᠢᠶ᠎ᠡ ᠶᠢ ᠲᠡᠭᠦᠯᠳᠡᠷᠵᠢᠭᠦᠯᠪᠡ᠃    ᠭᠤᠷᠪᠠ ᠳᠤ᠂ ︽ᠣᠷᠣᠨ ᠠᠯᠤᠰᠯᠠᠭᠰᠠᠨ ᠠᠵᠤ ᠠᠬᠤᠶ︾ ᠶᠢ ᠬᠠᠶᠢᠨ ᠰᠦᠪᠡᠭᠴᠢᠯᠡᠵᠦ᠂ ᠡᠷᠴᠢᠮᠵᠢᠭᠦᠯᠦᠭᠰᠡᠨ ᠬᠥᠭᠵᠢᠯᠲᠡ ᠶᠢ ᠠᠬᠢᠭᠤᠯᠤᠨ᠎ᠠ᠃ ᠲᠣᠰᠬᠤᠨ ᠤ ᠬᠠᠮᠲᠤ ᠶᠢᠨ ᠠᠵᠤ ᠠᠬᠤᠢ ᠶᠢᠨ ᠬᠡᠪᠴᠢᠶ᠎ᠡ ᠪᠠᠭ᠎ᠠ ᠪᠠᠶᠢᠬᠤ ᠠᠰᠠᠭᠤᠳᠠᠯ ᠳᠤ ᠴᠢᠭᠯᠡᠭᠦᠯᠦᠨ᠂ ᠮᠠᠩᠨᠤᠳ ᠪᠠᠯᠭᠠᠰᠤ ︽ᠣᠷᠣᠨ ᠠᠯᠤᠰᠯᠠᠭᠰᠠᠨ ᠠᠵᠤ ᠠᠬᠤᠢ︾ ᠶᠢᠨ ᠵᠠᠭᠪᠤᠷ ᠢ ᠬᠡᠷᠡᠭᠯᠡᠵᠦ᠂ ᠰᠢᠶᠠᠨ ᠪᠠᠯᠭᠠᠰᠤᠨ ᠤ ᠬᠡᠪᠴᠢᠶᠡᠲᠦ ᠠᠵᠤ ᠦᠢᠯᠡᠰ ᠲᠤ ᠪᠡᠯᠡ ᠣᠷᠣᠭᠤᠯᠪᠠ᠃ ᠳ᠋ᠦᠩ ᠸᠠ ᠽᠢ ᠲᠣᠰᠬᠤᠨ᠂ ᠸᠠᠩ ᠭᠤᠸᠠᠨ ᠶᠢᠩᠽᠢ ᠲᠣᠰᠬᠤᠨ ᠳᠤ ᠪᠡᠯᠡ ᠣᠷᠣᠭᠤᠯᠤᠨ ᠨᠢᠩᠴᠧᠩ ᠰᠢᠶᠠᠨ ᠤ ᠵᠦᠩ ᠵᠢᠩ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠳᠠᠷᠤᠰᠢᠯᠠᠭᠰᠠᠨ ᠨᠣᠭᠤᠭ᠎ᠠ ᠶᠢ ᠨᠠᠷᠢᠯᠢᠭ ᠪᠣᠯᠪᠠᠰᠤᠷᠠᠭᠤᠯᠬᠤ ᠲᠥᠷᠥᠯ ᠵᠦᠢᠯ ᠳᠤ ᠠᠰᠢᠭ ᠬᠤᠪᠢᠶᠠᠵᠠᠢ᠃ ᠰᠢᠶᠣᠣ ᠮᠠᠩ ᠨᠦᠩ ᠶᠢᠩᠽᠢ ᠲᠣᠰᠬᠤᠨ ᠵᠡᠷᠭᠡ 5 ᠲᠣᠰᠬᠤᠨ ᠨᠢᠩᠴᠧᠩ ᠰᠢᠶᠠᠨ ᠤ ᠬᠤᠩ ᠴᠢᠦ ᠠᠮᠤ ᠪᠤᠳᠠᠭᠠᠨ ᠤ ᠠᠷᠠᠯᠵᠢᠶᠠᠨ ᠤ ᠬᠤᠳᠠᠯᠳᠤᠨ ᠠᠪᠬᠤ ᠪᠠ ᠪᠣᠷᠣᠯᠠᠭᠤᠯᠬᠤ ᠥᠷᠲᠡᠭᠡ ᠳᠤ ᠪᠡᠯᠡ ᠣᠷᠣᠭᠤᠯᠬᠤ ᠪᠠᠷ ᠲᠥᠯᠥᠪᠯᠡᠵᠦ᠂ ᠵᠢᠱᠢᠯᠲᠡ ᠪᠠᠷ ᠲᠣᠰᠬᠤᠨ ᠨᠢᠭᠡᠪᠦᠷᠢ ᠵᠢᠯ ᠪᠦᠷᠢ 5.25 ᠲᠦᠮᠡᠨ ᠲᠥᠭᠦᠷᠢᠭ ᠤᠨ ᠣᠷᠣᠯᠭ᠎ᠠ ᠨᠡᠮᠡᠭᠳᠡᠬᠦ ᠪᠣᠯᠤᠨ᠎ᠠ᠃ᠨᠢᠩᠴᠧᠩ ᠰᠢᠶᠠᠨ ᠲᠥᠷᠥ ᠶᠢᠨ ᠪᠣᠳᠣᠯᠭ᠎ᠠ ᠶᠢ ᠨᠠᠷᠢᠯᠢᠭ ᠣᠨᠣᠴᠠᠲᠠᠶ ᠪᠠᠷ ᠰᠤᠷᠭᠠᠭᠤᠯᠢ ᠶᠢᠨ ᠬᠦᠷᠢᠶᠡᠨ ᠳᠤ ᠬᠦᠷᠭᠡᠨ ᠦᠢᠯᠡᠴᠢᠯᠡᠭᠡ ᠪᠠᠨ ᠰᠢᠯᠢᠳᠡᠭᠵᠢᠭᠦᠯᠦᠨ ᠬᠥᠭᠵᠢᠯᠲᠡ ᠶᠢ ᠠᠬᠢᠭᠤᠯᠪᠠ    ᠨᠢᠭᠡ ᠳᠤ ᠰᠠᠨᠠᠭᠠᠴᠢᠯᠠᠭ᠎ᠠ ᠠᠴᠠ ᠪᠠᠨ ᠦᠢᠯᠡᠴᠢᠯᠡᠵᠦ᠂ ᠲᠥᠷᠥ ᠶᠢᠨ ᠪᠣᠳᠣᠯᠭ᠎ᠠ ᠶᠢ ᠰᠤᠷᠭᠠᠭᠤᠯᠢ ᠶᠢᠨ ᠬᠦᠷᠢᠶᠡᠨ ᠳᠤ ᠬᠦᠷᠭᠡᠨ᠎ᠡ᠃ ᠪᠠᠭᠰᠢ ᠶᠢᠨ ᠮᠡᠷᠭᠡᠵᠢᠯ ᠤᠨ ᠴᠣᠯᠠ ᠶᠢ ᠬᠢᠨᠠᠨ ᠲᠣᠭᠲᠠᠭᠠᠬᠤ ᠬᠡᠷᠡᠭᠴᠡᠭᠡ ᠱᠠᠭᠠᠷᠳᠠᠯᠭ᠎ᠠ ᠲᠥᠪᠯᠡᠷᠡᠩᠭᠦᠢ᠂ ᠲᠥᠷᠥ ᠶᠢᠨ ᠪᠣᠳᠣᠯᠭ᠎ᠠ ᠶᠢᠨ ᠠᠩᠬᠠᠷᠤᠯ ᠤᠨ ᠬᠡᠮᠵᠢᠶ᠎ᠡ ᠥᠨᠳᠥᠷ ᠪᠠᠶᠢᠬᠤ ᠣᠨᠴᠠᠯᠢᠭ ᠲᠤ ᠴᠢᠭᠯᠡᠭᠦᠯᠦᠨ᠂ ᠨᠢᠩᠴᠧᠩ ᠰᠢᠶᠠᠨ ᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠤᠯᠠᠮᠵᠢᠯᠠᠯᠲᠤ ︽ᠰᠠᠭᠤᠵᠤ ᠬᠦᠯᠢᠶᠡᠬᠦ︾ ᠦᠢᠯᠡᠴᠢᠯᠡᠭᠡᠨ ᠤ ᠵᠠᠭᠪᠤᠷ ᠢ ᠡᠪᠳᠡᠵᠦ᠂ ᠰᠠᠨᠠᠭᠠᠴᠢᠯᠠᠭ᠎ᠠ ᠠᠴᠠ ᠪᠠᠨ ᠲᠥᠷᠥ ᠶᠢᠨ ᠪᠣᠳᠣᠯᠭ᠎ᠠ ᠬᠦᠷᠭᠡᠬᠦ ᠠᠵᠢᠯᠯᠠᠭ᠎ᠠ ᠶᠢ ᠡᠬᠢᠯᠡᠭᠦᠯᠵᠦ᠂ ᠨᠢᠩᠴᠧᠩ ᠰᠢᠶᠠᠨ ᠤ ᠳᠡᠭᠡᠳᠦ ᠵᠡᠷᠭᠡ ᠶᠢᠨ ᠳᠤᠮᠳᠠᠳᠤ ᠰᠤᠷᠭᠠᠭᠤᠯᠢ᠂ ᠨᠢᠩᠴᠧᠩ ᠰᠢᠶᠠᠨ ᠤ ᠲᠠᠪᠤᠳᠤᠭᠠᠷ ᠪᠠᠭ᠎ᠠ ᠰᠤᠷᠭᠠᠭᠤᠯᠢ᠂ ᠨᠢᠩᠴᠧᠩ ᠰᠢᠶᠠᠨ ᠤ ᠳ᠋ᠠᠮᠢᠩ ᠳᠤᠮᠳᠠᠳᠤ ᠪᠠᠭ᠎ᠠ ᠰᠤᠷᠭᠠᠭᠤᠯᠢ ᠳᠤ ᠭᠦᠨᠵᠡᠭᠡᠶᠢᠷᠡᠨ ᠲᠣᠭᠤᠷᠢᠨ ᠤᠬᠠᠭᠤᠯᠤᠨ ᠲᠠᠶᠢᠯᠪᠤᠷᠢᠯᠠᠬᠤ ᠠᠵᠢᠯ ᠢ ᠥᠷᠨᠢᠭᠦᠯᠪᠡ᠃ ᠲᠤᠬᠠᠶ ᠶᠢᠨ ᠲᠠᠯᠠᠪᠤᠷ ᠲᠤ ᠮᠡᠷᠭᠡᠵᠢᠯ ᠤᠨ ᠴᠣᠯᠠ ᠲᠣᠭᠲᠠᠭᠠᠵᠤ ᠤᠷᠢᠬᠤ ᠲᠥᠷᠥ ᠶᠢᠨ ᠪᠣᠳᠣᠯᠭ᠎ᠠ ᠶᠢ ᠲᠠᠶᠢᠯᠪᠤᠷᠢᠯᠠᠬᠤ ᠪᠠᠷ ᠳᠠᠮᠵᠢᠭᠤᠯᠤᠨ᠂ ᠮᠡᠷᠭᠡᠵᠢᠯ ᠤᠨ ᠴᠣᠯᠠ ᠮᠡᠳᠡᠭᠦᠯᠬᠦ ᠴᠤᠪᠤᠷᠠᠯ ᠢ ᠲᠣᠳᠣᠷᠬᠠᠶᠢᠯᠠᠵᠤ ᠂ ᠮᠡᠳᠡᠭᠦᠯᠬᠦ ᠨᠥᠬᠦᠴᠡᠯ᠂ ᠬᠢᠨᠠᠨ ᠲᠣᠭᠲᠠᠭᠠᠬᠤ ᠲᠠᠰ ᠳᠠᠷᠠᠭᠠᠯᠠᠯ᠂ ᠮᠠᠲ᠋ᠧᠷᠢᠶᠠᠯ ᠤᠨ ᠪᠡᠯᠡᠳᠬᠡᠯ ᠵᠡᠷᠭᠡ ᠵᠠᠩᠭᠢᠯᠠᠭ᠎ᠠ ᠶᠢᠨ ᠮᠡᠳᠡᠭᠡ ᠵᠠᠩᠭᠢ ᠶᠢ ᠬᠦᠷᠭᠡᠵᠦ᠂ ᠲᠥᠷᠥ ᠶᠢᠨ ᠪᠣᠳᠣᠯᠭ᠎ᠠ ᠶᠢ ︽ᠰᠣᠨᠣᠰᠴᠤ ᠳᠡᠶᠢᠯᠬᠦ᠂ ᠬᠡᠷᠡᠭᠯᠡᠵᠦ ᠳᠡᠶᠢᠯᠬᠦ︾ ᠶᠢ ᠦᠨᠡᠨ ᠬᠦ ᠪᠠᠲᠤᠯᠠᠪᠠ᠃ ᠣᠳᠣᠬᠠᠨ ᠪᠣᠯᠲᠠᠯ᠎ᠠ᠂ ᠲᠤᠰᠬᠠᠶ ᠰᠡᠳᠦᠪᠲᠦ ᠤᠬᠠᠭᠤᠯᠤᠨ ᠲᠠᠶᠢᠯᠪᠤᠷᠢᠯᠠᠯᠲᠠ ᠶᠢ ᠨᠡᠶᠢᠲᠡ 4 ᠲᠠᠯᠠᠪᠤᠷ ᠥᠷᠨᠢᠭᠦᠯᠵᠦ᠂ 600 ᠭᠠᠷᠤᠶ ᠪᠠᠭᠰᠢ ᠶᠢ ᠬᠠᠮᠤᠷᠪᠠ᠃    ᠬᠤᠶᠠᠷ ᠲᠤ᠂ ᠮᠠᠳᠠᠭ ᠲᠠᠢ ᠠᠰᠠᠭᠤᠳᠠᠯ ᠢ ᠰᠢᠢᠳᠪᠦᠷᠢᠯᠡᠵᠦ᠂ ᠨᠠᠷᠢᠯᠢᠭ ᠣᠨᠣᠴᠠᠲᠠᠶ ᠪᠠᠷ ᠵᠢᠭᠠᠨ ᠵᠢᠯᠣᠭᠤᠳᠪᠠ᠃ ᠪᠠᠭᠰᠢ ᠶᠢᠨ ᠨᠡᠶᠢᠳᠡᠮ ᠠᠩᠬᠠᠷᠴᠤ ᠪᠠᠶᠢᠭ᠎ᠠ ᠮᠡᠷᠭᠡᠵᠢᠯ ᠤᠨ ᠴᠣᠯᠠ ᠮᠡᠳᠡᠭᠦᠯᠬᠦ᠂ ᠠᠵᠢᠯ ᠤᠨ ᠪᠠᠶᠢᠷᠢ ᠳᠤ ᠤᠷᠢᠨ ᠲᠣᠮᠢᠯᠠᠬᠤ᠂ ᠠᠵᠢᠯ ᠤᠨ ᠪᠠᠶᠢᠷᠢ ᠰᠢᠯᠵᠢᠬᠦ ᠵᠡᠷᠭᠡ ᠠᠰᠠᠭᠤᠳᠠᠯ ᠳᠤ ᠴᠢᠭᠯᠡᠭᠦᠯᠦᠨ᠂ ᠤᠬᠠᠭᠤᠯᠤᠨ ᠲᠠᠶᠢᠯᠪᠤᠷᠢᠯᠠᠭᠴᠢ ᠨᠡᠶᠢᠲᠡᠯᠢᠭ ᠬᠡᠷᠡᠭ ᠤᠨ ᠵᠢᠱᠢᠶ᠎ᠡ ᠲᠠᠢ ᠤᠶᠠᠯᠳᠤᠭᠤᠯᠤᠨ ︽ᠨᠢᠭᠤᠷᠳᠠᠨ ᠶᠠᠷᠢᠯᠴᠠᠬᠤ︾ ᠵᠠᠳᠠᠯᠤᠯᠲᠠ ᠬᠢᠵᠦ᠂ ᠮᠠᠳᠠᠭ ᠲᠠᠢ ᠠᠰᠠᠭᠤᠳᠠᠯ ᠢ ᠣᠨᠣᠪᠴᠢᠲᠠᠢ ᠰᠢᠢᠳᠪᠦᠷᠢᠯᠡᠪᠡ᠃ ᠠᠳᠠᠯᠢ ᠪᠤᠰᠤ ᠰᠤᠷᠭᠠᠭᠤᠯᠢ ᠶᠢᠨ ᠪᠣᠳᠠᠲᠤ ᠪᠠᠶᠢᠳᠠᠯ ᠵᠢᠴᠢ ᠪᠠᠭᠰᠢ ᠶᠢᠨ ᠬᠡᠷᠡᠭᠴᠡᠭᠡ ᠱᠠᠭᠠᠷᠳᠠᠯᠭ᠎ᠠ ᠳᠤ ᠴᠢᠭᠯᠡᠭᠦᠯᠦᠨ᠂ ᠥᠪᠡᠷᠮᠢᠴᠡᠴᠢᠯᠡᠭᠰᠡᠨ ᠵᠢᠯᠣᠭᠤᠳᠬᠤ ᠲᠥᠰᠦᠯ ᠬᠠᠩᠭᠠᠪᠠ᠃    ᠭᠤᠷᠪᠠ ᠳᠤ᠂ ᠤᠷᠳᠤ ᠬᠤᠭᠤᠴᠠᠭᠠᠨ ᠤ ᠪᠦᠲᠦᠮᠵᠢᠲᠡᠢ ᠲᠣᠭᠲᠠᠴᠠ ᠶᠢ ᠦᠷᠭᠦᠯᠵᠢᠯᠡᠨ ᠰᠢᠯᠢᠳᠡᠭᠵᠢᠭᠦᠯᠦᠨ᠎ᠡ᠃ ᠲᠣᠰ ᠤᠳᠠᠭᠠᠨ ᠤ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢᠨ ᠦᠢᠯᠡᠴᠢᠯᠡᠭᠡ ᠶᠢ ︽ᠨᠢᠭᠡ ᠯᠡ ᠤᠳᠠᠭᠠᠨ ᠤ ᠠᠵᠢᠯᠯᠠᠭ᠎ᠠ︾ ᠠᠴᠠ ︽ᠬᠡᠪᠰᠢᠭᠰᠡᠨ ᠦᠢᠯᠡᠴᠢᠯᠡᠭᠡ︾ ᠪᠣᠯᠭᠠᠨ ᠬᠤᠪᠢᠷᠠᠭᠤᠯᠬᠤ ᠶᠢᠨ ᠲᠥᠯᠥᠭᠡ᠂ ᠨᠢᠩᠴᠧᠩ ᠰᠢᠶᠠᠨ ᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ︽ᠭᠤᠷᠪᠠᠨ ᠨᠢᠭᠡ ︾ ︵ᠨᠢᠭᠡ ᠰᠤᠷᠭᠠᠭᠤᠯᠢ ᠨᠢᠭᠡ ᠭᠡᠰᠢᠭᠦᠨ ᠲᠠᠢ ᠬᠠᠷᠢᠯᠴᠠᠬᠤ ᠲᠦᠷᠢᠮ᠂ ︽ᠨᠢᠭᠡ ᠤᠯᠠᠷᠢᠯ ᠳᠤ ᠨᠢᠭᠡ ᠰᠤᠷᠪᠤᠯᠵᠢᠯᠠᠬᠤ︾ ᠬᠠᠷᠢᠭᠤ ᠰᠤᠷᠪᠤᠯᠵᠢᠯᠠᠬᠤ ᠲᠦᠷᠢᠮ᠂ ︽ᠨᠢᠭᠡ ᠵᠢᠯ ᠳᠤ ᠨᠢᠭᠡ ᠲᠣᠭᠲᠠᠭᠠᠬᠤ︾ ᠰᠢᠯᠢᠳᠡᠭᠵᠢᠬᠦᠯᠬᠦ ᠲᠦᠷᠢᠮ ︶ ᠶᠢᠨ ᠮᠥᠷᠳᠡᠬᠦ ᠲᠣᠭᠲᠠᠴᠠ ᠶᠢ  ᠪᠠᠶᠢᠭᠤᠯᠪᠠ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000963号