| ᠨᠢᠭᠡ ᠳᠤ᠂ ᠡᠬᠢ ᠡᠭᠦᠰᠦᠯ ᠠᠴᠠ ᠨᠢ ᠵᠠᠰᠠᠬᠤ ᠴᠢᠳᠠᠪᠤᠷᠢ ᠶᠢ ᠳᠡᠭᠡᠭᠰᠢᠯᠡᠭᠦᠯᠵᠦ᠂ ᠴᠠᠯᠢᠩ ᠥᠷᠢᠲᠦᠬᠦ ᠳᠠᠯᠳᠠ | ᠬᠡᠮ ᠢ ᠵᠢᠭᠰᠠᠭᠠᠨ ᠪᠠᠶᠢᠴᠠᠭᠠᠪᠠ᠃ ᠨᠢᠩᠴᠧᠩ ᠰᠢᠶᠠᠨ ᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ | ᠪᠠᠲᠤᠯᠠᠭ᠎ᠠ ᠶᠢᠨ ᠡᠷᠬᠡ ᠠᠰᠢᠭ ᠢ ᠬᠠᠮᠠᠭᠠᠯᠠᠬᠤ ᠦᠢᠯᠡᠴᠢᠯᠡᠭᠡᠨ ᠤ ᠲᠥᠪ ᠴᠠᠯᠢᠩ ᠥᠷᠢᠲᠦᠬᠦ ᠶᠢ ᠵᠠᠰᠠᠬᠤ ᠡᠪᠦᠯ ᠤᠨ | ᠤᠯᠠᠷᠢᠯ ᠤᠨ ᠠᠵᠢᠯᠯᠠᠭ᠎ᠠ ᠥᠷᠨᠢᠭᠦᠯᠦᠭᠰᠡᠨ ᠠᠴᠠ ᠨᠠᠰᠢ᠂ ᠬᠠᠷᠢᠶ᠎ᠠ ᠣᠷᠣᠨ ᠤ ᠳᠣᠲᠣᠷᠠᠬᠢ ᠢᠨᠵᠧᠨᠧᠷᠢᠩ ᠤᠨ | ᠪᠠᠶᠢᠭᠤᠯᠤᠯᠲᠠ ᠶᠢᠨ ᠬᠦᠷᠢᠶ᠎ᠡ ᠴᠠᠷᠠᠭ᠎ᠠ᠂ ᠢᠨᠵᠧᠨᠧᠷᠢᠩ ᠤᠨ ᠪᠤᠰᠤ ᠪᠠᠶᠢᠭᠤᠯᠤᠯᠲᠠ ᠶᠢᠨ ᠬᠦᠷᠢᠶ᠎ᠡ ᠴᠠᠷᠠᠭ᠎ᠠ ᠶᠢᠨ | ᠭᠤᠤᠯᠳᠠᠯᠭ᠎ᠠ ᠲᠠᠢ ᠳᠠᠯᠳᠠ ᠭᠡᠮ ᠤᠨ ᠠᠵᠤ ᠠᠬᠤᠶᠢᠯᠠᠯ ᠳᠤ ᠨᠡᠶᠢᠳᠡᠮ ᠪᠠᠶᠢᠴᠠᠭᠠᠯᠲᠠ ᠥᠷᠨᠢᠭᠦᠯᠪᠡ᠃ | ᠠᠵᠢᠯᠯᠠᠭ᠎ᠠ ᠶᠢᠨ ᠬᠤᠭᠤᠴᠠᠭᠠᠨ ᠳᠤ᠂ ᠬᠥᠮᠦᠨ ᠬᠡᠷᠡᠭᠯᠡᠬᠦ 15 ᠨᠢᠭᠡᠴᠡ ᠶᠢ ᠪᠠᠶᠢᠴᠠᠭᠠᠵᠤ᠂ 269 | ᠬᠥᠳᠡᠯᠮᠦᠷᠢᠴᠢᠨ ᠲᠠᠢ ᠬᠤᠯᠪᠤᠬᠳᠠᠪᠠ᠃ | ᠬᠤᠶᠠᠷ ᠲᠤ᠂ ᠵᠠᠭᠠᠯᠳᠤᠵᠤ ᠢᠯᠡᠴᠢᠯᠡᠨ ᠮᠡᠳᠡᠭᠦᠯᠦᠭᠰᠡᠨ ᠬᠡᠷᠡᠭ ᠢ ᠰᠢᠢᠳᠪᠦᠷᠢᠯᠡᠬᠦ ᠪᠣᠳᠠᠲᠤ ᠦᠷ᠎ᠡ ᠪᠦᠲᠦᠮᠵᠢ ᠶᠢ | ᠳᠡᠭᠡᠭᠰᠢᠯᠡᠭᠦᠯᠵᠦ᠂ ᠦᠨᠡᠨᠴᠢ ᠢᠲᠡᠭᠡᠮᠵᠢ ᠶᠢᠨ ᠬᠤᠷᠢᠭ᠎ᠠ ᠱᠤᠭᠤᠮ ᠢ ᠰᠠᠬᠢᠨ ᠬᠠᠮᠠᠭᠠᠯᠠᠪᠠ᠃ ᠵᠠᠭᠠᠯᠳᠣᠵᠦ ᠢᠯᠡᠴᠢᠯᠡᠨ | ᠮᠡᠳᠡᠬᠦᠯᠬᠦ ᠵᠠᠮ ᠮᠦᠷ ᠢ ᠢᠳᠡᠪᠬᠢᠳᠡᠢ ᠪᠠᠷ ᠰᠢᠯᠥᠭᠤᠳᠬᠠᠵᠦ᠂ ᠬᠦᠳᠡᠯᠮᠦᠷᠢᠴᠢᠳ ᠤᠨ ᠵᠠᠭᠠᠯᠳᠣᠵᠦ ᠢᠯᠡᠴᠢᠯᠡᠨ | ᠮᠡᠳᠡᠬᠦᠯᠦᠭᠰᠡᠨ ᠭᠡᠷᠡᠭ ᠢ ᠴᠠᠭ ᠲᠣᠬᠠᠢ ᠳᠤᠨᠢ ᠰᠢᠢᠳᠪᠦᠷᠢᠯᠡᠵᠦ᠂ ᠬᠦᠳᠡᠯᠮᠦᠷᠢ ᠶᠢᠨ ᠬᠢᠨᠡᠨ ᠪᠠᠶᠢᠴᠠᠭᠠᠯᠳᠡ ᠶᠢᠨ | ᠬᠦᠯᠢᠶᠡᠨ ᠠᠪᠴᠥ ᠰᠢᠢᠳᠪᠦᠷᠢᠯᠡᠬᠦ ᠬᠦᠷᠢᠶ᠎ᠠ ᠭᠡᠪᠴᠢᠶ᠎ᠠ ᠳᠤ ᠦᠯᠥ ᠬᠠᠷᠢᠶᠠᠯᠬᠠᠳᠠᠬᠤ ᠴᠠᠯᠢᠩ ᠦᠷᠢᠲᠦᠬᠦ | ᠠᠰᠠᠭᠤᠳᠡᠯ ᠳᠤ ᠲᠠᠶᠢᠯᠪᠤᠷᠢᠯᠠᠬᠤ ᠪᠠ ᠬᠦᠳᠦᠯᠥᠨ ᠵᠢᠯᠥᠭᠤᠳᠬᠤ ᠠᠵᠢᠯ ᠢ ᠬᠢᠨᠠᠮᠠᠭᠠᠢ ᠰᠠᠶᠢᠳᠣᠷ ᠬᠢᠬᠦ ᠭᠡᠷᠡᠭᠳᠡᠢ᠃ | ᠠᠵᠢᠯᠯᠠᠭ᠎ᠠ ᠶᠢᠨ ᠬᠤᠭᠤᠴᠠᠭᠠᠨ ᠳᠤ᠂ 5 ᠴᠠᠯᠢᠩ ᠥᠷᠢᠲᠦᠬᠦ ᠠᠰᠠᠭᠤᠳᠠᠯ ᠢ ᠵᠣᠬᠢᠴᠠᠭᠤᠯᠤᠨ ᠰᠢᠶ᠋ᠳᠪᠦᠷᠢᠯᠡᠵᠦ᠂ | 43 ᠬᠥᠳᠡᠯᠮᠦᠷᠢᠴᠢᠨ ᠳᠤ 139 ᠲᠦᠮᠡᠨ ᠲᠥᠭᠦᠷᠢᠭ ᠤᠨ ᠴᠠᠯᠢᠩ ᠨᠡᠬᠡᠮᠵᠢᠯᠡᠨ ᠠᠪᠴᠢᠷᠠᠪᠠ᠃ ᠭᠤᠷᠪᠠ ᠳᠤ᠂ ︽ | ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ︾ ᠣᠯᠠᠨ ᠡᠰᠢᠲᠦ ᠠᠷᠭ᠎ᠠ ᠮᠠᠶ᠋ᠢᠭ ᠢᠶᠠᠷ ᠤᠬᠠᠭᠤᠯᠵᠤ᠂ | ᠲᠥᠷᠥ ᠶᠢᠨ ᠪᠣᠳᠣᠯᠭ᠎ᠠ ᠶᠢ ᠣᠶᠢᠯᠠᠭᠠᠬᠤ ᠬᠡᠮᠵᠢᠶ᠎ᠡ ᠶᠢ ᠳᠡᠭᠡᠭᠰᠢᠯᠡᠭᠦᠯᠪᠡ᠃ ᠠᠵᠢᠯᠯᠠᠭ᠎ᠠ ᠶᠢᠨ ᠬᠤᠭᠤᠴᠠᠭᠠᠨ ᠳᠤ᠂ 1 | ᠤᠳᠠᠭ᠎ᠠ ᠲᠥᠪᠯᠡᠷᠡᠭᠦᠯᠦᠨ ᠤᠬᠠᠭᠤᠯᠬᠤ ᠠᠵᠢᠯᠯᠠᠭ᠎ᠠ ᠥᠷᠨᠢᠭᠦᠯᠵᠦ᠂ ᠠᠵᠤ ᠠᠬᠤᠶᠢᠯᠠᠯ᠂ ᠪᠠᠷᠢᠯᠭ᠎ᠠ ᠶᠢᠨ ᠭᠠᠵᠠᠷ ᠲᠤ | ᠭᠦᠨᠵᠡᠭᠡᠶᠢᠷᠡᠨ ᠤᠬᠠᠭᠤᠯᠭ᠎ᠠ ᠶᠢᠨ ᠮᠠᠲ᠋ᠧᠷᠢᠶᠠᠯ ᠢ 50 ᠭᠠᠷᠤᠶ ᠬᠤᠪᠢ ᠲᠠᠷᠬᠠᠭᠠᠵᠤ᠂ ᠲᠤᠬᠠᠶ ᠶᠢᠨ ᠲᠠᠯᠠᠪᠠᠶ ᠳᠤ | ᠬᠥᠳᠡᠯᠮᠦᠷᠢᠴᠢᠳ ᠤᠨ ᠯᠠᠪᠯᠠᠭ᠎ᠠ ᠳᠤ 30 ᠬᠥᠮᠦᠨ ᠤᠳᠠᠭ᠎ᠠ ᠬᠠᠷᠢᠭᠤᠯᠲᠠ ᠥᠭᠪᠡ᠃ ᠸᠢᠴᠠᠲ ᠤᠨ ᠨᠡᠶᠢᠲᠡ ᠶᠢᠨ | ᠳ᠋ᠤᠭᠠᠷ ᠢᠶᠠᠷ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠬᠦᠷᠢᠶᠡᠨ ᠳᠠᠬᠢ | ᠲᠥᠷᠥ ᠶᠢᠨ ᠪᠣᠳᠣᠯᠭ᠎ᠠ ᠬᠠᠤᠯᠢ ᠲᠣᠭᠲᠠᠭᠠᠯ ᠢ 2 ᠬᠤᠪᠢ ᠬᠦᠷᠭᠡᠪᠡ᠃ ᠤᠬᠠᠭᠤᠯᠭ᠎ᠠ ᠪᠠᠷ ᠳᠠᠮᠵᠢᠨ᠂ ᠬᠥᠮᠦᠨ | ᠬᠡᠷᠡᠭᠯᠡᠬᠦ ᠨᠢᠭᠡᠴᠡ ᠶᠢᠨ ᠬᠠᠤᠯᠢ ᠶᠣᠰᠣᠭᠠᠷ ᠠᠵᠢᠯᠴᠢᠨ ᠬᠡᠷᠡᠭᠯᠡᠬᠦ ᠦᠨᠡᠨᠴᠢ ᠢᠲᠡᠭᠡᠮᠵᠢ ᠶᠢᠨ ᠤᠬᠠᠮᠰᠠᠷ ᠪᠣᠯᠤᠨ | ᠬᠥᠳᠡᠯᠮᠦᠷᠢᠴᠢᠳ ᠤᠨ ᠬᠠᠤᠯᠢ ᠶᠣᠰᠣᠭᠠᠷ ᠡᠷᠬᠡ ᠪᠠᠨ ᠬᠠᠮᠠᠭᠠᠯᠠᠬᠤ ᠴᠢᠳᠠᠪᠤᠷᠢ ᠶᠢ ᠨᠡᠮᠡᠭᠳᠡᠭᠦᠯᠪᠡ᠃ |