| ᠨᠢᠩᠴᠧᠩ ᠰᠢᠶᠠᠨ ᠤ ᠲᠦᠬᠦᠭᠡᠷᠦᠮᠵᠢᠳᠤ ᠢᠳᠡᠰᠢᠨ ᠨᠣᠭᠤᠭ᠎ᠠ ᠶᠢᠨ ᠠᠵᠤ ᠦᠢᠯᠡᠰ ᠤᠨ ᠶᠡᠷᠦᠩᠬᠡᠢ ᠲᠠᠯᠠᠪᠠᠢ | 56 ᠲᠦᠮᠡᠨ ᠮᠦ ᠳᠤ ᠬᠦᠷᠴᠦ᠂ ᠬᠡᠪᠴᠢᠶ᠎ᠡ ᠨᠢ ᠪᠦᠬᠦ ᠤᠯᠤᠰ ᠤᠨ ᠲᠡᠷᠢᠭᠦᠨ ᠤ ᠡᠩᠨᠡᠭᠡᠨ ᠳᠤ ᠤᠷᠤᠪᠠ᠃ ᠤᠯᠠᠨ | ᠵᠢᠯ ᠤᠨ ᠲᠤᠷᠰᠢ᠂ ᠨᠢᠩᠴᠧᠩ ᠰᠢᠶᠠᠨ ᠲᠦᠬᠦᠭᠡᠷᠦᠮᠵᠢᠳᠤ ᠲᠠᠷᠢᠶᠠᠯᠠᠩ ᠤᠨ ᠬᠡᠪᠴᠢᠶᠡᠵᠢᠭᠰᠡᠨ ᠬᠥᠭᠵᠢᠯᠲᠡ ᠶᠢ | ᠭᠤᠶᠢᠪᠢᠰᠢ ᠦᠭᠡᠢ ᠪᠠᠷᠢᠮᠲᠠᠯᠠᠵᠤ᠂ ᠪᠦᠬᠦ ᠬᠡᠯᠬᠢᠶ᠎ᠡ ᠪᠠᠷ ᠬᠦᠴᠦᠯᠡᠵᠦ᠂ ᠣᠳᠣᠬᠢᠴᠢᠯᠠᠭᠰᠠᠨ ᠬᠡᠯᠪᠡᠷᠢ ᠶᠢ | ᠬᠤᠪᠢᠷᠠᠭᠤᠯᠬᠤ ᠶᠢ ᠵᠤᠬᠰᠤᠰᠢ ᠦᠭᠡᠢ ᠪᠠᠷᠢᠮᠲᠠᠯᠠᠵᠤ᠂ ᠪᠦᠬᠦ ᠠᠵᠤ ᠦᠢᠯᠡᠰ ᠤᠨ ᠬᠡᠯᠬᠢᠶ᠎ᠡ ᠶᠢᠨ ᠴᠢᠨᠠᠷ ᠰᠠᠶᠢᠲᠠᠢ | ᠬᠥᠭᠵᠢᠯᠲᠡ ᠶᠢᠨ ᠵᠠᠮ ᠢ ᠨᠡᠭᠡᠭᠡᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ | ᠪᠤᠳᠤᠯᠭ᠎ᠠ ᠶᠢ ᠪᠦᠬᠦ ᠲᠠᠯ᠎ᠠ ᠪᠠᠷ ᠬᠡᠷᠡᠭᠵᠢᠭᠦᠯᠬᠦ ᠳᠤ ᠬᠦᠴᠦᠲᠡᠢ ᠠᠵᠤ ᠦᠢᠯᠡᠰ ᠤᠨ ᠲᠤᠯᠭᠠᠭᠤᠷᠢᠯᠠᠯ ᠬᠠᠩᠭᠠᠪᠠ᠃ | ᠨᠢᠭᠡ ᠲᠠᠯ᠎ᠠ ᠪᠠᠷ᠂ ᠲᠦᠬᠦᠭᠡᠷᠦᠮᠵᠢᠲᠦ ᠲᠠᠷᠢᠶᠠᠯᠠᠩ ᠤᠨ ᠲᠦᠷᠦᠯ ᠵᠦᠢᠯ ᠤᠨ ᠨᠥᠭᠡᠴᠡ ᠶᠢ ᠰᠦᠪᠡᠭᠴᠢᠯᠡᠪᠡ᠃ | ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ︽ᠠᠷᠪᠠᠨ ᠶᠡᠭᠡ ᠠᠵᠢᠯᠯᠠᠭ᠎ᠠ︾ ᠶᠢᠨ ᠰᠢᠢᠳᠪᠦᠷᠢᠲᠦ | ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠭᠦᠨᠵᠡᠭᠡᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠲᠦᠬᠦᠭᠡᠷᠦᠮᠵᠢᠳᠤ | ᠲᠠᠷᠢᠶᠠᠯᠠᠩ ᠤᠨ ᠬᠦᠷᠢᠶᠡᠨ ᠳᠠᠬᠢ ᠳᠠᠪᠠᠭᠤᠯᠢᠭ ᠢᠶᠠᠨ ᠪᠠᠳᠠᠷᠠᠭᠤᠯᠵᠤ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠠᠵᠢᠯᠯᠠᠭ᠎ᠠ ᠶᠢ ᠢᠳᠡᠪᠬᠢᠲᠡᠶ ᠨᠠᠶᠢᠳᠠᠪᠤᠷᠢᠵᠢᠭᠤᠯᠤᠨ᠂ ᠨᠢᠭᠡᠳᠦᠯᠲᠡᠶ ᠲᠥᠯᠥᠪᠯᠡᠨ ᠰᠦᠪᠡᠭᠴᠢᠯᠡᠵᠦ᠂ | ᠨᠠᠷᠢᠯᠢᠭ ᠣᠨᠣᠴᠠᠲᠠᠶ ᠪᠠᠷ ᠬᠦᠴᠦᠯᠡᠵᠦ᠂ ︽ᠬᠡᠪᠴᠢᠶ᠎ᠡ ᠶᠢ ᠥᠷᠭᠡᠳᠬᠡᠬᠦ᠂ ᠲᠠᠰ ᠳᠡᠪᠰᠢᠭᠦᠯᠬᠦ᠂ ᠶᠠᠰᠤ ᠴᠢᠨᠠᠷ ᠢ | ᠳᠡᠭᠡᠭᠰᠢᠯᠡᠭᠦᠯᠬᠦ᠂ ᠬᠡᠯᠬᠢᠶ᠎ᠡ ᠶᠢ ᠤᠷᠲᠤᠳᠬᠠᠬᠤ᠂ ᠴᠢᠳᠠᠪᠤᠷᠢ ᠶᠢ ᠣᠯᠭᠤᠬᠤ︾ ᠲᠠᠪᠤᠨ ᠲᠠᠯ᠎ᠠ ᠪᠠᠷ ᠭᠤᠤᠯᠳᠠᠯᠭ᠎ᠠ ᠲᠠᠢ | ᠬᠦᠴᠦ ᠣᠷᠣᠭᠤᠯᠵᠤ᠂ ᠰᠢᠪᠲᠤᠯᠤᠯᠲᠠ ᠭᠠᠷᠭᠠᠬᠤ ᠪᠠᠷ ᠴᠢᠷᠮᠠᠶᠢᠵᠤ᠂ ᠵᠢᠱᠢᠯᠲᠡ ᠪᠠᠷ ᠡᠨᠡ ᠵᠢᠯ ᠪᠥᠬᠦ ᠰᠢᠶᠠᠨ ᠤ | ᠲᠦᠬᠦᠭᠡᠷᠦᠮᠵᠢᠳᠤ ᠢᠳᠡᠰᠢᠨ ᠨᠣᠭᠤᠭ᠎ᠠ ᠶᠢᠨ ᠠᠵᠤ ᠦᠢᠯᠡᠰ ᠤᠨ ᠶᠡᠷᠦᠩᠬᠡᠶ ᠲᠠᠯᠠᠪᠠᠶ ᠶᠢ 60 ᠲᠦᠮᠡᠨ ᠮᠥ ᠳᠤ | ᠬᠦᠷᠦᠭᠦᠯᠵᠦ᠂ ᠢᠳᠡᠰᠢᠨ ᠨᠣᠭᠤᠭ᠎ᠠ ᠶᠢᠨ ᠤᠨᠠᠯᠲᠠ ᠶᠢ 185 ᠲᠦᠮᠡᠨ ᠲᠣᠨ ᠳᠤ ᠬᠦᠷᠦᠭᠦᠯᠵᠦ᠂ ᠪᠡᠯᠡᠳᠭᠡᠮᠵᠢᠳᠤ | ᠲᠠᠷᠢᠶᠠᠯᠠᠩ ᠤᠨ ᠬᠦᠯᠡᠮᠵᠢ ᠶᠢᠨ ᠣᠷᠣᠨ ᠢ ᠲᠠᠰ ᠳᠡᠪᠰᠢᠭᠦᠯᠦᠨ ᠥᠭᠡᠷᠡᠴᠢᠯᠡᠬᠦ ᠶᠢ 3 ᠲᠦᠮᠡᠨ ᠮᠥ ᠪᠡᠶᠡᠯᠡᠭᠦᠯᠵᠦ᠂ | ᠲᠦᠬᠦᠭᠡᠷᠦᠮᠵᠢᠳᠤ ᠲᠠᠷᠢᠶᠠᠯᠠᠩ ᠤᠨ ᠣᠳᠣᠬᠢᠴᠢᠯᠠᠯᠲᠠ ᠶᠢᠨ ᠬᠥᠭᠵᠢᠯᠲᠡ ᠶᠢᠨ ᠬᠢᠷᠢ ᠲᠦᠪᠰᠢᠨ ᠢ ᠪᠥᠬᠦ ᠲᠠᠯ᠎ᠠ ᠪᠠᠷ | ᠳᠡᠭᠡᠭᠰᠢᠯᠡᠭᠦᠯᠦᠨ᠎ᠡ᠃ | ᠨᠥᠭᠦᠭᠡ ᠲᠠᠯ᠎ᠠ ᠪᠠᠷ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠪᠠᠷ ᠡᠨᠧᠷᠭᠢ ᠣᠯᠭᠤᠬᠤ ᠲᠥᠷᠥᠯ | ᠵᠦᠢᠯ ᠢ ᠪᠠᠶᠢᠭᠤᠯᠪᠠ᠃ ︽ᠲᠠᠷᠢᠶᠠᠯᠠᠩ ᠮᠠᠯ ᠠᠵᠤ ᠠᠬᠤᠶ ᠶᠢᠨ ᠭᠤᠤᠯᠯᠠᠬᠤ ᠠᠵᠤ ᠦᠢᠯᠡᠰ ᠢ ᠲᠡᠳᠬᠦᠬᠦ | ᠲᠥᠷᠥ ᠶᠢᠨ ᠪᠣᠳᠣᠯᠭ᠎ᠠ︾ ᠶᠢ ᠬᠡᠷᠡᠭᠵᠢᠭᠦᠯᠵᠦ᠂ ᠲᠦᠢᠯ ᠤᠨ ᠣᠨᠣᠪᠴᠢᠲᠠᠶ ᠪᠠᠷ ᠤᠰᠤᠯᠠᠬᠤ ᠤᠰᠤ ᠠᠷᠪᠢᠯᠠᠬᠤ | ᠮᠡᠷᠭᠡᠵᠢᠯ ᠢ ᠶᠡᠬᠡᠪᠡᠷ ᠳᠡᠯᠭᠡᠷᠡᠭᠦᠯᠦᠨ᠂ ᠮᠠᠰᠢᠨᠴᠢᠯᠠᠯᠲᠠ᠂ ᠮᠡᠳᠡᠭᠡ ᠵᠠᠩᠭᠢᠵᠢᠯᠲᠠ ᠶᠢᠨ ᠬᠡᠮᠵᠢᠶ᠎ᠡ ᠶᠢ ᠳᠡᠭᠡᠭᠰᠢᠯᠡᠭᠦᠯᠦᠨ᠎ᠡ | ᠃ ᠳᠡᠭᠡᠳᠦ ᠲᠠᠰ ᠤᠨ ᠬᠦᠷᠢᠶᠡᠯᠡᠩ ᠲᠣᠭᠤᠷᠢᠭ ᠢᠶᠠᠷ ᠲᠣᠰ ᠭᠠᠵᠠᠷ ᠤᠨ ᠬᠦᠷᠢᠶᠡᠯᠡᠩ ᠲᠣᠭᠤᠷᠢᠭ ᠤᠨ ᠬᠡᠯᠪᠡᠷᠢ ᠪᠠᠨ | ᠬᠤᠪᠢᠷᠠᠭᠤᠯᠤᠨ ᠲᠠᠰ ᠳᠡᠪᠰᠢᠬᠦ ᠶᠢ ᠳᠠᠶᠢᠴᠢᠯᠠᠵᠤ᠂ ᠲᠦᠬᠦᠭᠡᠷᠦᠮᠵᠢᠳᠤ ᠲᠠᠷᠢᠶᠠᠯᠠᠩ ᠤᠨ ᠬᠠᠭᠤᠴᠢᠨ ᠰᠠᠷᠠᠪᠴᠢ ᠶᠢ | ᠥᠭᠡᠷᠡᠴᠢᠯᠡᠨ ᠰᠢᠨᠡᠳᠬᠡᠵᠦ ᠲᠠᠰ ᠳᠡᠪᠰᠢᠭᠦᠯᠬᠦ ᠳᠤ ᠲᠦᠰᠢᠭᠯᠡᠨ᠂ ᠨᠠᠷᠢᠯᠢᠭ ᠣᠨᠣᠴᠠᠲᠠᠶ ᠤᠰᠤ ᠪᠣᠷᠳᠣᠭᠤᠷ ᠤᠨ | ᠬᠠᠮᠢᠶᠠᠷᠤᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ ᠰᠢᠨ᠎ᠡ ᠪᠠᠷ ᠪᠠᠶᠢᠭᠤᠯᠤᠭᠰᠠᠨ ᠬᠦᠷᠢᠶᠡᠯᠡᠩ | ᠲᠣᠭᠤᠷᠢᠭ ᠲᠤ ᠥᠨᠳᠥᠷ ᠪᠦᠲᠦᠮᠵᠢᠲᠡᠶ ᠤᠶᠤᠨᠴᠢᠯᠠᠭᠰᠠᠨ ᠬᠠᠮᠢᠶᠠᠷᠤᠯᠲᠠ ᠶᠢᠨ ᠲᠥᠬᠦᠭᠡᠷᠦᠮᠵᠢ ᠶᠢ ᠪᠥᠬᠦ ᠲᠠᠯ᠎ᠠ ᠪᠠᠷ | ᠳᠡᠯᠭᠡᠷᠡᠭᠦᠯᠵᠦ᠂ ᠲᠥᠪᠯᠡᠷᠡᠭᠦᠯᠦᠨ ᠠᠯᠤᠰ ᠠᠴᠠ ᠬᠠᠮᠢᠶᠠᠷᠤᠨ ᠡᠵᠡᠮᠳᠡᠬᠦ ᠶᠢ ᠠᠯᠬᠤᠮ ᠠᠯᠬᠤᠮ ᠢᠶᠠᠷ ᠪᠡᠶᠡᠯᠡᠭᠦᠯᠦᠨ᠎ᠡ᠃ | ᠣᠲᠣ ᠶᠢᠨ 9 ᠣᠳᠣᠬᠢᠴᠢᠯᠠᠭᠰᠠᠨ ᠲᠠᠷᠢᠶᠠᠨ ᠴᠢᠬᠢ ᠶᠢᠨ ᠦᠢᠯᠡᠳᠪᠦᠷᠢ ᠳᠤ ᠲᠦᠰᠢᠭᠯᠡᠨ᠂ ᠰᠢᠯᠢᠳᠡᠭ ᠶᠠᠰᠤ | ᠴᠢᠨᠠᠷ ᠤᠨ ᠲᠠᠷᠢᠶᠠᠨ ᠴᠢᠬᠢ ᠶᠢᠨ ᠪᠦᠷᠬᠦᠴᠡ ᠶᠢᠨ ᠨᠣᠷᠮ᠎ᠠ ᠶᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ | ᠥᠪᠡᠷ ᠤᠨ ᠥᠷᠲᠡᠭ ᠢ ᠠᠷᠪᠢᠯᠠᠨ ᠦᠷ᠎ᠡ ᠠᠰᠢᠭ ᠢ ᠨᠡᠮᠡᠭᠳᠡᠭᠦᠯᠵᠦ᠂ ᠲᠠᠷᠢᠮᠠᠯ ᠤᠨ ᠦᠷ᠎ᠡ ᠠᠰᠢᠭ ᠢ ᠲᠠᠰᠤᠷᠠᠯᠲᠠ | ᠥᠬᠡᠶ ᠳᠡᠭᠡᠭᠰᠢᠯᠡᠭᠦᠯᠪᠡ᠃ ᠰᠢᠨ᠎ᠡ ᠭᠡᠯᠪᠡᠷᠢ ᠶᠢᠨ ᠣᠠᠠᠰᠠᠷᠡᠮᠡᠯ ᠮᠠᠶ᠋ᠢᠭ ᠤᠨ ᠨᠠᠷᠠᠨ ᠭᠡᠷᠡᠯ ᠤᠨ ᠬᠦᠯᠡᠮᠵᠢ ᠵᠢᠴᠢ 24 | ᠵᠦᠢᠯ ᠤᠨ ᠳᠡᠷᠢᠵᠦ ᠬᠠᠮᠢᠶᠡᠷᠬᠤ ᠮᠡᠷᠭᠡᠵᠢᠯ ᠤᠨ ᠪᠡᠷᠢᠮᠵᠢᠶ᠎ᠠ ᠶᠢ ᠶᠡᠭᠡᠪᠡᠷ ᠳᠡᠯᠭᠡᠷᠡᠬᠦᠯᠵᠦ᠂ ᠪᠤᠷᠳᠣᠭᠤᠷ ᠴᠣᠠᠠᠯᠠᠭᠤᠯᠬᠤ | ᠂ ᠡᠮ ᠤᠨ ᠬᠡᠮᠵᠢᠶ᠎ᠡ ᠶᠢ ᠪᠠᠭᠤᠷᠡᠭᠤᠯᠬᠤ᠂ ᠣᠰᠦ ᠠᠷᠪᠢᠯᠠᠬᠤ᠂ ᠦᠨᠳᠣᠷ ᠦᠷ᠎ᠠ ᠪᠦᠳᠦᠮᠵᠢᠳᠡᠢ᠂ | ᠪᠡᠷᠢᠮᠵᠢᠶᠡᠵᠢᠭᠤᠯᠥᠠᠠᠰᠠᠨ ᠦᠢᠯᠡᠳᠪᠦᠷᠢᠯᠡᠯ ᠤᠨ ᠬᠠᠷᠡᠯᠳᠡ ᠳᠤ ᠬᠦᠷᠦᠬᠦᠯᠥᠨ᠎ᠠ᠃ ︽ᠲᠠᠪᠤᠨ ᠲᠥᠪ︾ ᠢ ᠪᠦᠲᠦᠭᠡᠨ | ᠪᠠᠶᠢᠭᠤᠯᠬᠤ ᠪᠠᠷ ᠭᠤᠣᠯᠳᠠᠯᠭ᠎ᠠ ᠪᠣᠯᠭᠠᠨ᠂ ᠱᠠᠨᠳᠦ᠋ᠩ ᠤᠨ ᠣᠳᠣ ᠦᠶ᠎ᠡ ᠶᠢᠨ ᠲᠠᠷᠢᠶᠠᠯᠠᠩ ᠤᠨ ᠠᠵᠤ ᠦᠢᠯᠡᠰ ᠤᠨ | ᠬᠦᠷᠢᠶᠡᠯᠡᠩ ᠢ ᠲᠦᠷᠭᠡᠳᠬᠡᠨ ᠪᠠᠶᠢᠭᠤᠯᠵᠤ᠂ ᠪᠠᠶᠢᠭᠤᠯᠵᠤ ᠪᠠᠶᠢᠭ᠎ᠠ ᠪᠠ ᠰᠢᠨ᠎ᠡ ᠪᠠᠷ ᠪᠠᠶᠢᠭᠤᠯᠤᠭᠰᠠᠨ ᠨᠢᠭᠡ ᠪᠦᠯᠦᠭ | ᠢᠳᠡᠭᠡᠨ ᠤ ᠲᠥᠷᠥᠯ ᠵᠦᠢᠯ ᠢ ᠠᠯᠢ ᠲᠦᠷᠭᠡᠨ ᠢᠶᠠᠷ ᠠᠰᠢᠭᠯᠠᠯᠲᠠ ᠳᠤ ᠣᠷᠣᠭᠤᠯᠤᠨ ᠦᠷ᠎ᠡ ᠪᠦᠲᠦᠮᠵᠢ ᠣᠯᠬᠤ ᠶᠢ | ᠲᠦᠯᠬᠢᠨ ᠠᠬᠢᠭᠤᠯᠤᠨ᠎ᠠ᠃ ᠠᠵᠤ ᠦᠢᠯᠡᠰ ᠢ ᠪᠥᠬᠦ ᠲᠠᠯ᠎ᠠ ᠪᠠᠷ ᠲᠠᠰ ᠳᠡᠪᠰᠢᠭᠦᠯᠦᠭᠰᠡᠨ ᠰᠠᠭᠤᠷᠢᠨ ᠳᠡᠭᠡᠷ᠎ᠡ᠂ | ᠰᠢᠨᠵᠢᠯᠡᠬᠦ ᠤᠬᠠᠭᠠᠨ ᠮᠡᠷᠭᠡᠵᠢᠯ᠂ ᠮᠥᠩᠭᠦᠨ ᠭᠦᠢᠯᠭᠡᠭᠡ᠂ ᠨᠠᠷᠠᠲᠤ ᠲᠡᠮᠳᠡᠭᠲᠦ᠂ ᠬᠤᠷᠠᠯ ᠦᠵᠡᠰᠬᠦᠯᠡᠩ᠂ ᠲᠠᠪᠴᠠᠩ | ᠵᠡᠷᠭᠡ ᠲᠠᠪᠤᠨ ᠶᠡᠭᠡ ᠡᠨᠧᠷᠭᠢ ᠣᠯᠭᠤᠬᠤ ᠢᠨᠵᠧᠨᠧᠷᠢᠩ ᠢ ᠬᠡᠷᠡᠭᠵᠢᠭᠦᠯᠵᠦ᠂ ᠨᠢᠩᠴᠧᠩ ᠤᠨ ᠵᠢᠮᠢᠰ ᠢᠳᠡᠰᠢᠨ | ᠨᠣᠭᠤᠭ᠎ᠠ ᠶᠢᠨ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠲᠠᠪᠴᠠᠩ ᠢ ᠪᠠᠶᠢᠭᠤᠯᠵᠤ᠂ ᠲᠠᠷᠢᠶᠠᠯᠠᠩ ᠤᠨ | ᠪᠦᠲᠦᠭᠡᠭᠳᠡᠬᠦᠨ ᠤ ᠡᠯᠧᠺᠲᠷᠣᠨ ᠬᠤᠳᠠᠯᠳᠤᠭᠠᠨ ᠤ ᠦᠢᠯᠡᠳᠪᠦᠷᠢᠯᠡᠯ ᠤᠨ ᠦᠵᠦᠭᠦᠷ᠂ ᠡᠵᠡᠩᠨᠡᠨ ᠪᠣᠷᠣᠯᠠᠭᠤᠯᠬᠤ | ᠦᠵᠦᠭᠦᠷ ᠪᠠ ᠦᠢᠯᠡᠴᠢᠯᠡᠭᠡᠨ ᠤ ᠦᠵᠦᠭᠦᠷ ᠪᠥᠬᠦ ᠠᠮᠢ ᠠᠬᠤᠶ ᠶᠢᠨ ᠠᠵᠤ ᠦᠢᠯᠡᠰ ᠤᠨ ᠬᠡᠯᠬᠢᠶ᠎ᠡ ᠶᠢ | ᠨᠡᠪᠲᠡᠷᠡᠭᠦᠯᠦᠨ᠎ᠡ᠃ ᠴᠢᠨᠠᠷ ᠰᠠᠶᠢᠲᠠᠶ ᠲᠠᠷᠢᠶᠠᠯᠠᠩ ᠤᠨ ᠪᠦᠲᠦᠭᠡᠭᠳᠡᠬᠦᠨ ᠤ ᠨᠠᠷᠠᠲᠤ ᠲᠥᠷᠥᠯ ᠲᠡᠮᠳᠡᠭᠲᠦ ᠶᠢ | ᠭᠤᠤᠯᠳᠠᠯᠭ᠎ᠠ ᠲᠠᠢ ᠪᠣᠶ ᠪᠣᠯᠭᠠᠬᠤ ᠪᠠ ᠤᠬᠠᠭᠤᠯᠵᠤ᠂ ᠨᠠᠷᠠᠲᠤ ᠲᠥᠷᠥᠯ ᠲᠡᠮᠳᠡᠭᠲᠦ ᠶᠢᠨ ᠦᠷ᠎ᠡ ᠠᠰᠢᠭ ᠢᠶᠠᠷ ᠣᠷᠣᠨ | ᠪᠦᠰᠡ ᠶᠢᠨ ᠨᠥᠯᠥᠭᠡᠯᠡᠬᠦ ᠬᠦᠴᠦᠨ ᠪᠠ ᠵᠠᠬ᠎ᠠ ᠳᠡᠯᠭᠡᠭᠦᠷ ᠤᠨ ᠡᠵᠡᠯᠡᠬᠦ ᠨᠣᠷᠮ᠎ᠠ ᠶᠢ ᠳᠡᠭᠡᠭᠰᠢᠯᠡᠭᠦᠯᠦᠨ᠎ᠡ᠃ | |