| 2025 ᠣᠨ ᠤ 1 ᠰᠠᠷ᠎ᠠ ᠶᠢᠨ 15 ᠤ ᠡᠳᠦᠷ | ᠨᠢᠩᠴᠧᠩ ᠰᠢᠶᠠᠨ ᠤ ᠠᠷᠪᠠᠨ ᠨᠠᠢᠮᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠳᠥᠷᠪᠡᠳᠦᠭᠡᠷ ᠬᠤᠷᠠᠯᠳᠤᠭᠠᠨ ᠳᠡᠭᠡᠷ᠎ᠡ | ᠨᠢᠩᠴᠧᠩ ᠰᠢᠶᠠᠨ ᠤ ᠠᠷᠠᠳ ᠤᠨ ᠵᠠᠰᠠᠭ ᠤᠨ ᠣᠷᠳᠣᠨ ᠤ ᠣᠷᠣᠯᠠᠭᠴᠢ ᠰᠢᠶᠠᠨ ᠤ ᠳᠠᠷᠤᠭ᠎ᠠ ᠵᠠᠩ ᠸᠧᠨ ᠽᠧ | ᠲᠥᠯᠥᠭᠡᠯᠡᠭᠴᠢᠳ ᠡ᠄ | ᠣᠳᠣ ᠪᠢ ᠰᠢᠶᠠᠨ ᠤ ᠠᠷᠠᠳ ᠤᠨ ᠵᠠᠰᠠᠭ ᠤᠨ ᠣᠷᠳᠣᠨ ᠤ ᠡᠮᠦᠨ᠎ᠡ ᠠᠴᠠ ᠶᠡᠭᠡ ᠬᠤᠷᠠᠯ ᠳᠤ ᠠᠵᠢᠯ ᠢᠶᠠᠨ | ᠮᠡᠳᠡᠭᠦᠯᠦᠶ᠎ᠡ᠂ ᠬᠢᠨᠠᠨ ᠵᠥᠪᠯᠡᠬᠦ ᠪᠣᠯᠪᠠᠤ᠂ ᠲᠡᠷᠡᠴᠢᠯᠡᠨ ᠰᠢᠶᠠᠨ ᠤ ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ | ᠪᠠ ᠬᠤᠷᠠᠯ ᠳᠤ ᠰᠤᠯᠠ ᠤᠷᠤᠯᠴᠠᠬᠰᠠᠳ ᠰᠠᠨᠠᠯ ᠢᠶᠠᠨ ᠳᠤᠷᠠᠳᠬᠤ ᠪᠣᠯᠪᠠᠤ᠃ | ᠨᠢᠭᠡ᠂ 2024 ᠣᠨ ᠤ ᠠᠵᠢᠯ ᠤᠨ ᠡᠷᠭᠢᠴᠡᠭᠦᠯᠦᠯ | ᠨᠢᠭᠡ ᠵᠢᠯ ᠤᠨ ᠲᠤᠷᠰᠢ᠂ ᠰᠢᠶᠠᠨ ᠤ ᠨᠠᠮ ᠤᠨ ᠬᠤᠷᠢᠶᠠᠨ ᠤ ᠪᠠᠲᠤ ᠴᠢᠩᠭ᠎ᠠ ᠳᠠᠭᠠᠭᠤᠯᠭ᠎ᠠ ᠳᠣᠣᠷ᠎ᠠ᠂ ᠪᠢᠳᠡ | ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ | ᠰᠠᠨᠠᠭ᠎ᠠ ᠪᠠᠷ ᠵᠢᠯᠤᠭᠤᠳᠤᠯᠭ᠎ᠠ ᠪᠣᠯᠭᠠᠬᠤ ᠶᠢ ᠪᠠᠷᠢᠮᠲᠠᠯᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠪᠣᠯᠤᠨ | ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ᠂ ᠭᠤᠷᠪᠠᠳᠤᠭᠠᠷ ᠪᠦᠬᠦᠳᠡ ᠬᠤᠷᠠᠯ ᠤᠨ ᠵᠣᠷᠢᠭ | ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ | ᠤᠬᠠᠮᠰᠠᠷ ᠢ ᠪᠠᠲᠤ ᠪᠠᠬᠢ ᠪᠤᠢ ᠪᠣᠯᠭᠠᠬᠤ ᠠᠵᠢᠯ ᠤᠨ ᠭᠤᠣᠯ ᠰᠢᠵᠢᠮ ᠢ ᠡᠷᠡᠰ ᠲᠤᠭᠤᠰᠢᠯᠠᠭᠤᠯᠵᠤ᠂ ᠥᠪᠡᠷᠲᠡᠭᠡᠨ | ᠵᠠᠰᠠᠬᠤ ᠣᠷᠣᠨ ᠤ ︽ᠬᠤᠶᠠᠷ ᠶᠡᠭᠡ ᠶᠠᠪᠤᠳᠠᠯ︾ ᠢ ᠰᠠᠶᠢᠲᠤᠷ ᠬᠢᠬᠦ ᠳᠤ ᠠᠩᠬᠠᠷᠤᠯ ᠢᠶᠠᠨ ᠲᠥᠪᠯᠡᠷᠡᠭᠦᠯᠵᠦ᠂ ︽ | ᠵᠢᠷᠭᠤᠭᠠᠨ ᠢᠨᠵᠧᠨᠧᠷᠢᠩ︾ ᠢ ᠯᠠᠪᠳᠠᠭᠤᠨ ᠪᠠᠲᠤᠲᠠᠢ ᠠᠬᠢᠭᠤᠯᠵᠤ᠂ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ | ᠬᠥᠭᠵᠢᠯᠲᠡ ᠶᠢ ᠪᠦᠬᠦ ᠬᠦᠴᠦᠨ ᠢᠶᠠᠷ ᠢᠶᠠᠨ ᠠᠬᠢᠭᠤᠯᠵᠤ᠂ ᠡᠯ᠎ᠡ ᠵᠦᠢᠯ ᠤᠨ ᠦᠢᠯᠡᠰ ᠰᠢᠨ᠎ᠡ ᠦᠷ᠎ᠡ ᠪᠦᠲᠦᠮᠵᠢ | ᠣᠯᠵᠤ᠂ ᠰᠢᠨ᠎ᠡ ᠰᠢᠪᠲᠤᠯᠤᠯᠲᠠ ᠲᠠᠢ ᠪᠣᠯᠪᠠ᠃ | ᠨᠢᠭᠡ ᠵᠢᠯ ᠤᠨ ᠲᠤᠷᠰᠢ᠂ ᠪᠢᠳᠡ ᠪᠡᠯᠡ ᠣᠷᠣᠭᠤᠯᠤᠯᠲᠠ ᠪᠠᠨ ᠨᠡᠮᠡᠭᠳᠡᠭᠦᠯᠵᠦ᠂ ᠲᠦᠷᠦᠯ ᠵᠦᠢᠯ ᠢ ᠡᠬᠢᠯᠡᠭᠦᠯᠵᠦ᠂ | ᠠᠵᠤ ᠠᠬᠤᠢ ᠶᠢᠨ ᠠᠵᠢᠯᠯᠠᠭᠠᠨ ᠲᠣᠭᠲᠠᠭᠤᠨ ᠤ ᠳᠤᠮᠳᠠ ᠰᠠᠶᠢᠵᠢᠷᠠᠪᠠ᠃ ᠵᠢᠱᠢᠯᠲᠡ ᠪᠠᠷ ᠪᠥᠬᠦ ᠵᠢᠯ ᠳᠤ ᠭᠠᠵᠠᠷ | ᠣᠷᠣᠨ ᠤ ᠦᠢᠯᠡᠳᠪᠦᠷᠢᠯᠡᠯ ᠤᠨ ᠶᠡᠷᠦᠩᠬᠡᠶ ᠥᠷᠲᠡᠭ ᠢ 6.2% ᠣᠷᠴᠢᠮ ᠨᠡᠮᠡᠭᠳᠡᠪᠡ᠃ ᠲᠣᠭᠲᠠᠮᠠᠯ ᠬᠥᠷᠥᠩᠭᠡ ᠶᠢᠨ | ᠪᠠᠯᠠ ᠣᠷᠣᠭᠤᠯᠤᠯᠲᠠ ᠶᠢ 20% ᠣᠷᠴᠢᠮ ᠨᠡᠮᠡᠭᠳᠡᠪᠡ᠃ ᠡᠩ ᠤᠨ ᠣᠯᠠᠨ ᠨᠡᠶᠢᠲᠡ ᠶᠢᠨ ᠲᠥᠰᠦᠪ ᠤᠨ | ᠣᠷᠣᠯᠭ᠎ᠠ ᠶᠢ 1.1% ᠪᠠᠷ ᠨᠡᠮᠡᠭᠳᠡᠪᠡ᠃ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠬᠤ | ᠶᠡᠷᠦᠩᠬᠡᠶ ᠲᠤᠭ᠎ᠠ ᠶᠢ 4% ᠣᠷᠴᠢᠮ ᠨᠡᠮᠡᠭᠳᠡᠪᠡ᠃ ᠬᠤᠲᠠ ᠬᠥᠳᠡᠭᠡ ᠶᠢᠨ ᠪᠠᠶᠢᠩᠭᠤ ᠰᠠᠭᠤᠭ᠎ᠠ ᠰᠠᠭᠤᠭᠠᠯᠢ | ᠠᠷᠠᠳ ᠤᠨ ᠬᠥᠮᠦᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ ᠶᠢ ᠲᠣᠰ ᠲᠣᠰ 5% ᠪᠠ 8% ᠣᠷᠴᠢᠮ | ᠨᠡᠮᠡᠭᠳᠡᠪᠡ᠃ ᠪᠦᠬᠦ ᠵᠢᠯ ᠳᠤ ᠨᠡᠶᠢᠲᠡ 5000 ᠲᠦᠮᠡ ᠠᠴᠠ ᠳᠡᠭᠡᠭᠰᠢᠬᠢ ᠭᠤᠤᠯᠳᠠᠯᠭ᠎ᠠ ᠲᠠᠢ ᠲᠥᠷᠥᠯ ᠵᠦᠢᠯ ᠢ | 80 ᠬᠡᠷᠡᠭᠵᠢᠭᠦᠯᠵᠦ᠂ 170 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠯᠲᠠ ᠶᠢ ᠪᠡᠶᠡᠯᠡᠭᠦᠯᠪᠡ᠃ | ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠲᠥᠷᠥᠯ ᠵᠦᠢᠯ 89 ᠪᠠᠶᠢᠵᠤ᠂ ᠶᠡᠷᠦᠩᠬᠡᠢ ᠪᠡᠯᠡ ᠣᠷᠣᠭᠤᠯᠤᠯᠲᠠ | 368 ᠳ᠋ᠦᠩᠰᠢᠭᠤᠷ ᠲᠥᠭᠦᠷᠢᠭ᠂ ᠪᠦᠷᠢᠳᠬᠡᠯ ᠳᠤ ᠣᠷᠣᠬᠤ ᠲᠥᠷᠥᠯ ᠵᠦᠢᠯ 45 ᠪᠠᠶᠢᠵᠤ᠂ | ᠪᠣᠳᠠᠲᠠᠶᠢᠵᠢᠭᠤᠯᠤᠭᠰᠠᠨ ᠪᠡᠯᠡ ᠮᠥᠩᠭᠦ 55.5 ᠳ᠋ᠦᠩᠰᠢᠭᠤᠷ ᠲᠥᠭᠦᠷᠢᠭ ᠪᠣᠯᠣᠨ᠎ᠠ᠃ | ᠨᠢᠭᠡ ᠵᠢᠯ ᠤᠨ ᠲᠤᠷᠰᠢ᠂ ᠪᠢᠳᠡ ᠪᠣᠳᠠᠲᠤ ᠴᠣᠭᠴᠠ ᠶᠢ ᠪᠤᠶᠢᠵᠢᠭᠤᠯᠵᠤ᠂ ᠬᠡᠯᠬᠢᠶ᠎ᠡ ᠶᠢ ᠤᠷᠲᠤᠳᠬᠠᠵᠤ᠂ ᠠᠵᠤ | ᠦᠢᠯᠡᠳᠪᠦᠷᠢ ᠶᠢᠨ ᠠᠵᠤ ᠠᠬᠤᠢ ᠶᠢᠨ ᠬᠠᠨᠳᠤᠰᠢ ᠴᠢᠩᠭ᠎ᠠ ᠪᠠᠶᠢᠨ᠎ᠠ᠃ ᠵᠢᠱᠢᠯᠲᠠ ᠪᠠᠷ ᠬᠡᠪᠴᠢᠶ᠎ᠠ ᠠᠴᠠ ᠲᠡᠬᠡᠭᠰᠢᠭᠢ | ᠠᠵᠤ ᠦᠢᠯᠡᠳᠪᠦᠷᠢ ᠶᠢᠨ ᠦᠢᠯᠡᠳᠭᠦᠨ ᠤ ᠶᠡᠷᠦᠩᠭᠡᠢ ᠦᠷᠲᠡᠭ 231 ᠳ᠋ᠦᠩᠰᠢᠭᠤᠷ ᠳᠦᠭᠦᠷᠢᠭ ᠲᠤ ᠬᠦᠷᠴᠦ᠂ | 15.6 ᠪᠠᠷ ᠨᠡᠮᠡᠭᠲᠡᠵᠦ᠂ ᠨᠡᠮᠡᠭᠲᠡᠯ ᠦᠷᠲᠡᠭ ᠤᠨ ᠨᠡᠮᠡᠭᠲᠡᠯ ᠬᠤᠷᠲᠤᠴᠠ 19.2 ᠳᠤ ᠬᠦᠷᠭᠦ ᠪᠤᠯᠤᠨ᠎ᠠ᠃ ᠵᠦᠩ | ᠲᠠᠩ ᠣᠨᠴᠠᠭᠠᠢ ᠪᠤᠯᠤᠳ᠂ ᠴᠢᠨ ᠹᠧᠩ ᠬᠡᠢ ᠪᠡᠶᠡᠲᠦ᠂ ᠬᠤᠸᠠ ᠾᠧᠩ ᠠᠮᠢᠳᠤ ᠪᠣᠳᠠᠰ ᠵᠡᠷᠭᠡ ᠭᠤᠣᠯᠳᠠᠯᠭ᠎ᠠ ᠲᠠᠢ | ᠠᠵᠤ ᠠᠬᠤᠶᠢᠯᠠᠯ ᠤᠨ ᠠᠵᠢᠯᠯᠠᠭᠠᠨ ᠲᠣᠭᠲᠠᠭᠤᠨ ᠪᠣᠯᠪᠠ᠃ ᠮᠠᠯ ᠠᠵᠤ ᠠᠬᠤᠢ ᠶᠢᠨ ᠰᠢᠨᠵᠢᠯᠡᠬᠦ ᠤᠬᠠᠭᠠᠨ | ᠮᠡᠷᠭᠡᠵᠢᠯ ᠤᠨ ᠢᠳᠡᠭᠡᠨ ᠤ ᠨᠡᠮᠡᠯᠲᠡ ᠡᠳ᠋᠂ ᠰᠢᠨ ᠮᠧᠢ ᠰᠢᠨᠵᠢᠯᠡᠬᠦ ᠤᠬᠠᠭᠠᠨ ᠮᠡᠷᠭᠡᠵᠢᠯ ᠤᠨ ᠬᠦᠪᠰᠦᠭᠡᠷ ᠰᠢᠷᠤᠢ ᠶᠢ | ᠨᠠᠷᠢᠯᠢᠭ ᠪᠣᠯᠪᠠᠰᠤᠷᠠᠭᠤᠯᠬᠤ ᠵᠡᠷᠭᠡ ᠲᠥᠷᠥᠯ ᠵᠦᠢᠯ ᠢ ᠪᠠᠶᠢᠭᠤᠯᠵᠤ ᠲᠠᠭᠤᠰᠬᠠᠨ ᠠᠰᠢᠭᠯᠠᠯᠲᠠ ᠳᠤ ᠣᠷᠣᠭᠤᠯᠵᠤ᠂ | ᠳᠤᠮᠳᠠᠳᠤ ᠤᠯᠤᠰ · ᠨᠢᠩᠴᠧᠩ ᠤᠨ ᠠᠩᠬᠠᠳᠤᠭᠠᠷ ᠬᠤᠭᠤᠴᠠᠭᠠᠨ ᠤ ᠡᠩᠬᠦᠷᠡᠢ ᠠᠮᠢᠲᠠᠨ ᠤ ᠠᠵᠤ ᠦᠢᠯᠡᠰ ᠤᠨ | ᠬᠥᠭᠵᠢᠯᠲᠡ ᠶᠢᠨ ᠶᠡᠭᠡ ᠬᠤᠷᠠᠯ ᠵᠢᠴᠢ ᠬᠤᠶᠠᠳᠤᠭᠠᠷ ᠬᠤᠭᠤᠴᠠᠭᠠᠨ ᠤ ᠣᠯᠠᠨ ᠤᠯᠤᠰ ᠤᠨ ᠡᠩᠬᠦᠷᠡᠢ ᠠᠮᠢᠲᠠᠨ ᠤ | ᠬᠡᠷᠡᠭᠰᠡᠯ ︵ᠮᠤᠤᠷ ᠡᠯᠡᠰᠦ︶ ᠤᠨ ᠶᠡᠭᠡ ᠬᠤᠷᠠᠯ ᠢ ᠠᠮᠵᠢᠯᠲᠠ ᠲᠠᠢ ᠡᠷᠬᠢᠯᠡᠪᠡ᠃ ᠪᠡᠭᠡᠵᠢᠩ ᠥᠪᠥᠷ ᠮᠣᠩᠭᠤᠯ ᠤᠨ | ᠬᠠᠮᠵᠢᠯᠴᠠᠨ ᠢᠳᠡᠭᠡᠨ ᠡᠳ᠋ᠰᠢᠭᠦᠯᠬᠦ ᠠᠵᠤ ᠦᠢᠯᠡᠰ ᠤᠨ ᠬᠦᠷᠢᠶᠡᠯᠡᠩ ᠤᠨ ᠪᠠᠷᠢᠮᠵᠢᠶᠠᠵᠢᠭᠤᠯᠤᠭᠰᠠᠨ | ᠦᠢᠯᠡᠳᠪᠦᠷᠢ ᠶᠢᠨ ᠲᠠᠰᠤᠭ ᠤᠨ ᠭᠤᠣᠯ ᠴᠣᠭᠴᠠ ᠶᠢᠨ ᠠᠵᠢᠯ ᠢ ᠳᠠᠭᠤᠰᠬᠠᠪᠠ᠃ ᠨᠡᠭᠡᠭᠡᠯᠲᠡ ᠶᠢᠨ ᠤᠷᠤᠨ ᠤ | ᠪᠠᠭᠲᠠᠭᠠᠮᠵᠢ ᠶᠢ ᠥᠷᠭᠡᠳᠬᠡᠨ ᠴᠢᠨᠠᠷ ᠢ ᠳᠡᠭᠡᠭᠰᠢᠯᠡᠭᠦᠯᠬᠦ 17 ᠲᠥᠷᠥᠯ ᠵᠦᠢᠯ ᠢ ᠬᠡᠷᠡᠭᠵᠢᠭᠦᠯᠵᠦ᠂ ᠰᠢᠨ᠎ᠡ | ᠨᠥᠭᠡᠴᠡᠯᠡᠭᠰᠡᠨ ᠭᠠᠵᠠᠷ ᠰᠢᠷᠣᠶ 1940 ᠮᠥ ᠪᠠᠶᠢᠵᠤ᠂ ᠰᠢᠽᠢ ᠬᠦᠷᠢᠶᠡᠯᠡᠩ ᠲᠣᠭᠤᠷᠢᠭ ᠨᠢ ᠥᠪᠡᠷᠲᠡᠭᠡᠨ ᠵᠠᠰᠠᠬᠤ | ᠣᠷᠣᠨ ᠤ ᠲᠠᠰ ᠤᠨ ᠬᠢᠮᠢ ᠶᠢᠨ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠢᠶᠠᠷ ᠠᠮᠵᠢᠯᠲᠠ ᠲᠠᠢ ᠮᠠᠭᠠᠳᠯᠠᠨ | ᠲᠣᠭᠲᠠᠭᠠᠭᠰᠠᠨ ᠪᠥᠭᠡᠳ C ᠲᠠᠰ ᠤᠨ ᠠᠮᠤᠷ ᠲᠦᠪᠰᠢᠨ ᠤ ᠦᠨᠡᠯᠡᠯᠲᠡ ᠳᠤ ᠪᠠᠲᠤᠯᠠᠭᠳᠠᠪᠠ᠃ | ᠨᠢᠭᠡ ᠵᠢᠯ ᠤᠨ ᠲᠤᠷᠰᠢ᠂ ᠪᠢᠳᠡ ᠬᠦᠳᠦᠯᠦᠨ ᠳᠠᠭᠠᠭᠤᠯᠬᠤ ᠶᠢ ᠠᠳᠬᠤᠵᠤ᠂ ᠠᠵᠤ ᠦᠢᠯᠡᠰ ᠢ | ᠬᠦᠴᠦᠷᠬᠡᠭᠵᠢᠭᠦᠯᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠯᠠᠪᠳᠠᠭᠤᠨ ᠪᠠᠲᠤᠲᠠᠢ ᠠᠬᠢᠭᠤᠯᠪᠠ᠃ | ᠠᠮᠤ ᠪᠤᠳᠠᠭᠠᠨ ᠤ ᠤᠨᠠᠯᠲᠠ 19.5 ᠳ᠋ᠦᠩᠰᠢᠭᠤᠷ ᠵᠢᠩ ᠲᠤ ᠬᠦᠷᠴᠡᠶ᠃ ᠲᠥᠬᠦᠭᠡᠷᠦᠮᠵᠢᠲᠦ ᠲᠠᠷᠢᠶᠠᠯᠠᠩ ᠢ 4 | ᠲᠦᠮᠡᠨ ᠮᠦ ᠰᠢᠨ᠎ᠡ ᠪᠠᠷ ᠥᠭᠡᠷᠡᠴᠢᠯᠡᠨ ᠰᠠᠶᠢᠵᠢᠷᠠᠭᠤᠯᠵᠤ᠂ ᠠᠨ ᠰᠢᠨ ᠲᠣᠭᠠᠴᠢᠯᠠᠭᠰᠠᠨ ᠦᠷ᠎ᠡ ᠶᠢᠨ ᠴᠢᠬᠢ ᠶᠢᠨ | ᠬᠤᠶᠠᠳᠤᠭᠠᠷ ᠬᠤᠭᠤᠴᠠᠭ᠎ᠠ ᠵᠡᠷᠭᠡ ᠨᠢᠭᠡ ᠪᠦᠯᠦᠭ ᠲᠠᠷᠢᠶᠠᠯᠠᠩ ᠤᠨ ᠣᠳᠣᠬᠢᠴᠢᠯᠠᠭᠰᠠᠨ ᠠᠵᠤ ᠦᠢᠯᠡᠰ ᠤᠨ | ᠬᠦᠷᠢᠶᠡᠯᠡᠩ ᠤᠨ ᠲᠥᠷᠥᠯ ᠵᠦᠢᠯ ᠢ ᠠᠵᠢᠯ ᠡᠬᠢᠯᠡᠭᠦᠯᠦᠨ ᠪᠥᠲᠥᠭᠡᠨ ᠪᠠᠶᠢᠭᠤᠯᠪᠠ᠃ ᠪᠥᠬᠦ ᠤᠯᠤᠰ ᠤᠨ ᠣᠲᠣ | ᠦᠶ᠎ᠡ ᠶᠢᠨ ᠲᠥᠬᠦᠭᠡᠷᠦᠮᠵᠢᠲᠦ ᠲᠠᠷᠢᠶᠠᠯᠠᠩ ᠤᠨ ᠰᠢᠨ᠎ᠡ ᠶᠢ ᠡᠭᠦᠳᠬᠦ ᠬᠥᠲᠥᠯᠦᠨ ᠳᠠᠭᠠᠭᠤᠯᠬᠤ ᠣᠷᠣᠨ ᠢ | ᠠᠮᠵᠢᠯᠲᠠ ᠲᠠᠢ ᠪᠠᠷ ᠡᠭᠦᠳᠦᠨ ᠪᠠᠶᠢᠭᠤᠯᠵᠤ᠂ ᠪᠥᠬᠦ ᠣᠷᠣᠨ ᠤ ᠲᠥᠬᠦᠭᠡᠷᠦᠮᠵᠢᠲᠦ ᠲᠠᠷᠢᠶᠠᠯᠠᠩ ᠤᠨ ᠴᠢᠨᠠᠷ ᠰᠠᠶᠢᠲᠠᠶ | ᠬᠥᠭᠵᠢᠯᠲᠡ ᠶᠢᠨ ᠲᠤᠬᠠᠶ ᠶᠢᠨ ᠭᠠᠵᠠᠷ ᠤᠨ ᠬᠤᠷᠠᠯ ᠢ ᠥᠨᠳᠥᠷ ᠬᠢᠷᠢ ᠲᠦᠪᠰᠢᠨ ᠢᠶᠠᠷ ᠳᠠᠭᠠᠭᠠᠨ ᠡᠷᠭᠢᠯᠡᠵᠦ᠂ | ᠥᠪᠡᠷᠲᠡᠭᠡᠨ ᠵᠠᠰᠠᠬᠤ ᠣᠷᠣᠨ ᠤ ᠲᠥᠬᠦᠭᠡᠷᠦᠮᠵᠢᠲᠦ ᠲᠠᠷᠢᠶᠠᠯᠠᠩ ᠤᠨ ᠰᠢᠨᠵᠢᠯᠡᠬᠦ ᠤᠬᠠᠭᠠᠨ ᠮᠡᠷᠭᠡᠵᠢᠯ ᠤᠨ | ᠤᠯᠠᠷᠢᠭᠤᠯᠤᠯᠲᠠ ᠶᠢᠨ ᠵᠢᠱᠢᠶ᠎ᠡ ᠦᠵᠡᠭᠦᠯᠬᠦ ᠰᠠᠭᠤᠷᠢᠨ ᠭᠠᠵᠠᠷ ᠲᠤ ᠫᠠᠶᠢᠰᠠ ᠡᠯᠭᠦᠪᠡ᠃ ᠪᠣᠬᠢᠷᠲᠤᠯ ᠥᠬᠡᠶ ᠢᠳᠡᠭᠡᠨ | ᠪᠠ ᠪᠥᠬᠦ ᠤᠯᠤᠰ ᠤᠨ ᠨᠠᠷᠠᠲᠤ ᠣᠨᠴᠠ ᠰᠢᠯᠢᠳᠡᠭ ᠰᠢᠨ᠎ᠡ ᠲᠠᠷᠢᠶᠠᠯᠠᠩ ᠤᠨ ᠪᠦᠲᠦᠭᠡᠭᠳᠡᠬᠦᠨ ᠢ 5 ᠰᠢᠨ᠎ᠡ ᠪᠠᠷ | ᠨᠡᠮᠡᠭᠳᠡᠭᠦᠯᠪᠡ᠃ ᠲᠠᠬᠢᠨ ᠶᠠᠳᠠᠭᠤᠷᠠᠬᠤ ᠶᠢ ᠰᠡᠷᠭᠡᠶᠢᠯᠡᠬᠦ ᠶᠢ ᠬᠢᠨᠠᠨ ᠬᠡᠮᠵᠢᠵᠦ ᠬᠠᠪᠰᠤᠷᠤᠨ ᠲᠡᠳᠬᠦᠬᠦ ᠠᠵᠢᠯ ᠢ | ᠪᠠᠶᠢᠩᠭᠤᠵᠢᠭᠤᠯᠤᠨ ᠥᠷᠨᠢᠭᠦᠯᠵᠦ᠂ ᠪᠡᠯᠡ ᠮᠥᠩᠭᠦ ᠶᠢ ᠵᠤᠯᠭᠠᠭᠤᠯᠬᠤ᠂ ᠪᠡᠭᠡᠵᠢᠩ ᠥᠪᠥᠷ ᠮᠣᠩᠭᠤᠯ ᠤᠨ | ᠬᠠᠮᠵᠢᠯᠴᠠᠭ᠎ᠠ ᠪᠠ ᠴᠡᠭ ᠲᠣᠭᠲᠠᠭᠠᠨ ᠬᠠᠪᠰᠤᠷᠤᠨ ᠲᠡᠳᠬᠦᠬᠦ ᠪᠡᠯᠡ ᠮᠥᠩᠭᠦ ᠶᠢ 3.73 ᠳ᠋ᠦᠩᠰᠢᠭᠤᠷ ᠲᠥᠭᠦᠷᠢᠭ | ᠬᠡᠷᠡᠭᠯᠡᠵᠦ᠂ ᠠᠵᠤ ᠦᠢᠯᠡᠰ ᠢᠶᠠᠷ ᠬᠠᠪᠰᠤᠷᠤᠨ ᠲᠡᠳᠬᠦᠬᠦ᠂ ᠵᠢᠵᠢᠭ ᠬᠡᠯᠪᠡᠷᠢ ᠶᠢᠨ ᠰᠠᠭᠤᠷᠢ ᠲᠥᠬᠦᠭᠡᠷᠦᠮᠵᠢ ᠵᠡᠷᠭᠡ | 90 ᠲᠦᠷᠦᠯ ᠵᠦᠢᠯ ᠢ ᠬᠡᠷᠡᠭᠵᠢᠭᠦᠯᠪᠡ᠃ | ᠨᠢᠭᠡ ᠵᠢᠯ ᠤᠨ ᠲᠤᠷᠰᠢ᠂ ᠪᠢᠳᠡ ᠳᠠᠯᠳᠠ ᠬᠦᠴᠦᠨ ᠢ ᠠᠭᠤᠳᠠᠯᠤᠨ᠂ ᠠᠮᠢᠵᠢᠷᠠᠯ ᠤᠨ ᠬᠦᠴᠦᠨ ᠢ ᠨᠡᠮᠡᠭᠳᠡᠭᠦᠯᠵᠦ | ᠂ ᠭᠤᠷᠪᠠᠳᠤᠭᠠᠷ ᠠᠵᠤ ᠦᠢᠯᠡᠰ ᠲᠦᠷᠭᠡᠪᠴᠢᠯᠡᠨ ᠬᠥᠭᠵᠢᠪᠡ᠃ ᠬᠤᠷᠬᠤᠭ ᠭᠤᠤᠯ ᠤᠨ ᠠᠷᠠᠳ ᠤᠨ ᠰᠣᠳᠣᠨ | ᠣᠷᠣᠨ ᠰᠠᠭᠤᠴᠠ ᠶᠢ ᠠᠰᠢᠭᠯᠠᠯᠲᠠ ᠳᠤ ᠣᠷᠣᠭᠤᠯᠵᠤ᠂ ᠽᠢ ᠮᠧᠩ ᠨᠠᠭᠤᠷ ᠤᠨ ᠤᠰᠤᠨ ᠳᠡᠭᠡᠷᠡᠬᠢ ᠬᠥᠳᠡᠯᠭᠡᠭᠡᠨ ᠤ | ᠰᠠᠭᠤᠷᠢᠨ ᠭᠠᠵᠠᠷ ᠵᠡᠷᠭᠡ ᠲᠥᠷᠥᠯ ᠵᠦᠢᠯ ᠢ ᠯᠠᠪᠳᠠᠭᠤᠨ ᠢᠶᠠᠷ ᠠᠬᠢᠭᠤᠯᠵᠤ᠂ ᠨᠢᠩᠴᠧᠩ ᠤᠨ ᠮᠦᠽᠧᠶ | ᠳᠣᠲᠣᠭᠠᠳᠤ ᠳᠤ ᠪᠠᠨ ᠳᠡᠯᠭᠡᠨ ᠦᠵᠡᠭᠦᠯᠵᠦ ᠡᠬᠢᠯᠡᠪᠡ᠃ ︽ᠶᠠᠨᠱᠠᠨ ᠤ ᠬᠤᠶᠢᠲᠤ ᠬᠤᠷᠮᠣᠶ · ᠵᠠᠭᠤᠨ ᠭᠠᠵᠠᠷ ᠤᠨ | ᠵᠢᠷᠤᠭ ᠤᠨ ᠬᠤᠩᠭᠢᠯ︾ ᠢ ᠪᠥᠬᠦ ᠤᠯᠤᠰ ᠤᠨ ᠵᠠᠭᠤᠨ ᠰᠢᠶᠠᠨ ᠳᠤ ᠤᠬᠠᠭᠤᠯᠤᠨ ᠲᠠᠨᠢᠯᠴᠠᠭᠤᠯᠬᠤ ᠠᠵᠢᠯ ᠢ | ᠥᠷᠨᠢᠭᠦᠯᠵᠦ᠂ ᠣᠯᠠᠨ ᠤᠯᠤᠰ ᠤᠨ ᠯᠤᠤᠲᠤ ᠣᠩᠭᠤᠴᠠᠨ ᠤ ᠢᠯᠡ ᠤᠷᠤᠯᠳᠤᠭᠠᠨ᠂ ︽ᠲᠣᠰᠬᠤᠨ ᠤ BA︾ | ᠪᠥᠮᠪᠥᠭᠡᠨ ᠤ ᠤᠷᠤᠯᠳᠤᠭᠠᠨ ᠵᠡᠷᠭᠡ ᠰᠢᠷᠢᠰ ᠰᠣᠶᠣᠯ ᠵᠢᠭᠤᠯᠴᠢᠯᠠᠯ ᠤᠨ ᠠᠵᠢᠯᠯᠠᠭ᠎ᠠ ᠶᠢ ᠠᠮᠵᠢᠯᠲᠠ ᠲᠠᠢ ᠡᠷᠭᠢᠯᠡᠪᠡ᠃ | ᠵᠢᠩ ᠳ᠋ᠦᠩ ᠪᠠᠷᠠᠭᠠᠨ ᠤ ᠭᠦᠢᠯᠭᠡᠭᠡᠨ ᠤ ᠲᠥᠪᠯᠡᠷᠡᠭᠦᠯᠦᠨ ᠲᠣᠬᠢᠷᠠᠭᠤᠯᠬᠤ ᠲᠥᠪ᠂ ᠵᠧᠩ ᠬᠠᠩ ᠪᠠᠭᠤᠳᠠᠯ ᠤᠨ | ᠬᠤᠳᠠᠯᠳᠤᠭᠠᠨ ᠤ ᠶᠡᠷᠦᠩᠬᠡᠶᠢᠯᠡᠭᠰᠡᠨ ᠴᠣᠭᠴᠠ ᠵᠡᠷᠭᠡ ᠲᠥᠷᠥᠯ ᠵᠦᠢᠯ ᠤᠨ ᠭᠤᠤᠯ ᠴᠣᠭᠴᠠ ᠶᠢᠨ ᠢᠨᠵᠧᠨᠧᠷᠢᠩ ᠢ | ᠪᠠᠶᠢᠭᠤᠯᠪᠠ᠃ ᠬᠤᠳᠠᠯᠳᠤᠭ᠎ᠠ ᠠᠷᠠᠯᠵᠢᠶᠠᠨ ᠤ ᠠᠵᠤ ᠠᠬᠤᠶᠢᠯᠠᠯ ᠤᠨ ᠭᠡᠷ ᠤᠨ ᠴᠠᠬᠢᠯᠭᠠᠨ ᠬᠡᠷᠡᠭᠰᠡᠯ ᠭᠡᠷ ᠤᠨ ᠡᠳ᠋ᠯᠡᠯ | ᠬᠡᠷᠡᠭᠰᠡᠯ ᠢ ᠬᠠᠭᠤᠴᠢᠨ ᠢᠶᠠᠷ ᠰᠢᠨ᠎ᠡ ᠶᠢ ᠰᠣᠯᠢᠬᠤ ᠵᠡᠷᠭᠡ ᠬᠡᠷᠡᠭᠯᠡᠭᠡᠨ ᠢ ᠠᠬᠢᠭᠤᠯᠬᠤ ᠠᠵᠢᠯᠯᠠᠭ᠎ᠠ ᠥᠷᠨᠢᠭᠦᠯᠬᠦ ᠶᠢ | ᠳᠡᠮᠵᠢᠵᠦ᠂ ᠬᠡᠷᠡᠭᠯᠡᠭᠡᠨ ᠤ ᠵᠦᠢᠯ ᠢ 2.8 ᠳ᠋ᠦᠩᠰᠢᠭᠤᠷ ᠲᠥᠭᠦᠷᠢᠭ ᠳᠠᠶᠢᠴᠢᠯᠠᠪᠠ᠃ ᠮᠥᠩᠭᠦᠨ ᠭᠦᠢᠯᠭᠡᠭᠡᠨ ᠤ | ᠪᠠᠢᠭᠤᠯᠤᠮᠵᠢ ᠶᠢᠨ ᠬᠠᠳᠠᠭᠠᠯᠠᠮᠵᠢ ᠵᠢᠭᠡᠯᠡᠯᠭᠡ ᠶᠢᠨ ᠦᠯᠡᠳᠡᠪᠦᠷᠢ ᠲᠤᠰ ᠲᠤᠰ 366 ᠳ᠋ᠦᠩᠰᠢᠭᠤᠷ ᠲᠥᠭᠦᠷᠢᠭ ᠪᠠ | 211 ᠳ᠋ᠦᠩᠰᠢᠭᠤᠷ ᠲᠥᠭᠦᠷᠢᠭ ᠲᠤ ᠬᠦᠷᠴᠦ᠂ ᠲᠤᠰ ᠲᠤᠰ 9.5% ᠪᠠ 2.6% ᠪᠠᠷ ᠨᠡᠮᠡᠭᠳᠡᠵᠡᠢ᠃ | ᠨᠢᠭᠡ ᠵᠢᠯ ᠤᠨ ᠲᠤᠷᠰᠢ᠂ ᠪᠢᠳᠡ ᠳᠤᠲᠠᠭᠤᠳᠠᠯ ᠢᠶᠠᠨ ᠨᠥᠬᠦᠪᠥᠷᠢᠯᠡᠵᠦ᠂ ᠶᠠᠰᠤ ᠴᠢᠨᠠᠷ ᠢᠶᠠᠨ ᠳᠡᠭᠡᠭᠰᠢᠯᠡᠭᠦᠯᠵᠦ᠂ | ᠬᠤᠳᠠ ᠬᠥᠳᠡᠭᠡ ᠶᠢᠨ ᠳᠦᠷᠰᠦ ᠪᠠᠶᠢᠳᠠᠯ ᠦᠷᠭᠦᠯᠵᠢᠯᠡᠨ ᠰᠠᠶᠢᠵᠢᠷᠠᠪᠠ᠃ ᠵᠦᠩᠵᠢᠩ ᠪᠡᠶ᠎ᠡ ᠶᠢᠨ ᠲᠠᠮᠢᠷ ᠤᠨ | ᠴᠡᠴᠡᠷᠯᠢᠭ ᠢ ᠪᠠᠶᠢᠭᠤᠯᠤᠨ ᠴᠡᠴᠡᠷᠯᠢᠭ ᠪᠣᠯᠭᠠᠵᠤ᠂ ᠮᠥᠩᠭᠦᠨ ᠭᠦᠢᠯᠭᠡᠭᠡᠨ ᠤ ᠵᠡᠭᠡᠯᠢ ᠵᠡᠷᠭᠡ 5 ᠵᠤᠷᠪᠤᠰ ᠬᠤᠲᠠ ᠶᠢᠨ | ᠲᠣᠭᠤᠷᠢᠭ ᠤᠨ ᠵᠠᠮ ᠤᠨ ᠪᠣᠷᠣᠭᠠᠨ ᠤ ᠤᠰᠤ ᠪᠠ ᠪᠣᠬᠢᠷ ᠤᠰᠤ ᠶᠢ ᠰᠠᠯᠭᠠᠬᠤ ᠬᠤᠭᠤᠯᠠᠶ ᠶᠢᠨ ᠲᠣᠤᠷ ᠢ | ᠥᠭᠡᠷᠡᠴᠢᠯᠡᠨ ᠳᠠᠭᠤᠰᠬᠠᠪᠠ᠃ ᠵᠡᠭᠡᠯᠢ ᠭᠤᠳᠤᠮᠵᠢ ᠶᠢ 174 ᠵᠣᠷᠪᠤᠰ 20 ᠺᠢᠯᠣᠮᠧᠲᠷ ᠬᠠᠲᠠᠭᠤᠷᠠᠭᠤᠯᠪᠠ᠃ | ᠬᠠᠶᠢᠷ᠎ᠠ ᠬᠠᠯᠠᠮᠵᠢ ᠶᠢᠨ ᠢᠨᠵᠧᠨᠧᠷᠢᠩ ᠢ ᠶᠡᠬᠡᠪᠡᠷ ᠬᠡᠷᠡᠭᠵᠢᠭᠦᠯᠵᠦ᠂ 44 ᠬᠠᠭᠤᠴᠢᠨ ᠰᠠᠭᠤᠭᠠᠯᠢ ᠲᠣᠭᠤᠷᠢᠭ ᠢ | ᠰᠢᠨᠡᠳᠬᠡᠨ ᠥᠭᠡᠷᠡᠴᠢᠯᠡᠵᠦ᠂ 9200 ᠭᠠᠷᠤᠢ ᠤᠯᠠᠨ ᠲᠦᠮᠡᠨ ᠳᠤ ᠠᠰᠢᠭ ᠬᠦᠷᠲᠡᠭᠡᠪᠡ᠃ ᠬᠥᠳᠡᠭᠡ ᠲᠣᠰᠬᠤᠨ ᠤ | ᠴᠠᠬᠢᠯᠭᠠᠨ ᠲᠤᠤᠷ ᠢ 51.3 ᠺᠢᠯᠣᠮᠧᠲᠷ ᠥᠭᠡᠷᠡᠴᠢᠯᠡᠪᠡ᠃ ᠤᠯᠤᠰ ᠤᠨ ᠵᠠᠮ ᠤᠨ 508 ᠰᠢᠶᠣᠣ ᠴᠧᠩᠽᠢ ᠠᠴᠠ | ᠫᠢᠩᠴᠢᠣᠸᠠᠨ ᠬᠦᠷᠬᠦ ᠬᠡᠰᠡᠭ ᠤᠨ ᠵᠠᠰᠠᠮᠠᠯ ᠵᠠᠮ᠂ ᠢᠤᠢ ᠬᠤᠸᠠᠩ ᠯᠢᠶᠠᠩ ᠠᠴᠠ ᠰᠣᠩᠬᠢᠨ᠎ᠡ ᠶᠢᠨ ᠭᠤᠤ ᠬᠦᠷᠬᠦ | ᠵᠠᠰᠠᠮᠠᠯ ᠵᠠᠮ ᠢ ᠪᠠᠶᠢᠭᠤᠯᠤᠨ ᠲᠡᠷᠭᠡ ᠨᠡᠪᠲᠡᠷᠡᠭᠦᠯᠵᠦ᠂ ᠵᠠᠰᠠᠮᠠᠯ ᠵᠠᠮ ᠢ 53.6 ᠺᠢᠯᠣᠮᠧᠲᠷ ᠠᠷᠠᠴᠢᠯᠠᠨ ᠬᠠᠮᠠᠭᠠᠯᠠᠪᠠ᠃ | ᠬᠤᠶᠠᠳᠤᠭᠠᠷ ᠡᠭᠡᠯᠵᠢ ᠶᠢᠨ ᠲᠥᠪ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠱᠠᠯᠠᠪᠳᠠᠭᠤᠯᠤᠨ | ᠪᠠᠶᠢᠴᠠᠭᠠᠯᠲᠠ ᠶᠢᠨ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠠᠵᠢᠯ ᠡᠮᠬᠢ ᠵᠢᠷᠤᠮ ᠲᠠᠢ | ᠶᠠᠪᠤᠭᠳᠠᠪᠠ᠃ | ᠨᠢᠭᠡ ᠵᠢᠯ ᠤᠨ ᠲᠤᠷᠰᠢ᠂ ᠪᠢᠳᠡ ᠥᠭᠡᠷᠡᠴᠢᠯᠡᠯᠲᠡ ᠶᠢ ᠠᠬᠢᠭᠤᠯᠵᠤ᠂ ᠣᠷᠴᠢᠨ ᠲᠣᠭᠤᠷᠢᠨ ᠢ ᠰᠢᠯᠢᠳᠡᠭᠵᠢᠭᠦᠯᠵᠦ | ᠂ ᠬᠥᠭᠵᠢᠯᠲᠡ ᠶᠢᠨ ᠠᠮᠢᠵᠢᠷᠠᠯ ᠤᠨ ᠬᠦᠴᠦᠨ ᠢ ᠲᠠᠰᠤᠷᠠᠯᠲᠠ ᠦᠭᠡᠢ ᠪᠠᠳᠠᠷᠠᠭᠤᠯᠪᠠ᠃ ᠳᠡᠭᠡᠳᠦ ᠰᠢᠨ᠎ᠡ | ᠮᠡᠷᠭᠡᠵᠢᠯ ᠤᠨ ᠠᠵᠤ ᠠᠬᠤᠶᠢᠯᠠᠯ 3᠂ ᠤᠯᠤᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠡᠯᠪᠡᠷᠢ ᠶᠢᠨ ᠳᠤᠮᠳᠠ | ᠵᠢᠵᠢᠭ ᠠᠵᠤ ᠠᠬᠤᠶᠢᠯᠠᠯ 8᠂ ᠥᠪᠡᠷᠲᠡᠭᠡᠨ ᠵᠠᠰᠠᠬᠤ ᠣᠷᠣᠨ ᠤ ᠲᠠᠰ ᠤᠨ ᠪᠣᠬᠢᠷᠲᠤᠯ ᠥᠬᠡᠶ ᠦᠢᠯᠡᠳᠪᠦᠷᠢ 4 | ᠰᠢᠨ᠎ᠡ ᠪᠠᠷ ᠨᠡᠮᠡᠭᠳᠡᠪᠡ᠃ ᠬᠦᠴᠦᠨ ᠪᠦᠬᠦᠢ ᠲᠤᠰᠬᠠᠢ ᠠᠰᠢᠭ ᠢ 176 ᠰᠢᠨ᠎ᠡ ᠪᠠᠷ ᠨᠡᠮᠡᠭᠳᠡᠭᠦᠯᠵᠦ᠂ 35% ᠪᠠᠷ | ᠨᠡᠮᠡᠭᠳᠡᠪᠡ᠃ ᠬᠠᠶ ᠰᠧᠨ ᠬᠤᠸᠠ ᠴᠥᠩ ᠵᠡᠷᠭᠡ 7 ᠠᠵᠤ ᠠᠬᠤᠶᠢᠯᠠᠯ ᠠ ᠯᠢ ᠪᠠ ᠪᠠ ᠶᠢᠨ ᠬᠢᠯᠢ ᠠᠯᠤᠰᠯᠠᠭᠰᠠᠨ | ᠡᠯᠧᠺᠲᠷᠣᠨ ᠬᠤᠳᠠᠯᠳᠤᠭᠠᠨ ᠤ ᠲᠤᠬᠠᠶᠢᠯᠠᠭᠰᠠᠨ ᠠᠵᠢᠯ ᠥᠷᠨᠢᠭᠦᠯᠵᠦ᠂ ᠪᠥᠬᠦ ᠰᠢᠶᠠᠨ ᠤ ᠭᠠᠳᠠᠭᠠᠳᠤ ᠠᠷᠠᠯᠵᠢᠶᠠᠨ ᠤ | ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠠᠵᠤ ᠠᠬᠤᠶᠢᠯᠠᠯ 22 ᠪᠣᠯᠵᠣ᠂ ᠪᠥᠬᠦ ᠵᠢᠯ ᠤᠨ | ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠭᠰᠠᠨ ᠶᠡᠷᠦᠩᠬᠡᠶ ᠲᠤᠭ᠎ᠠ 138% ᠨᠡᠮᠡᠭᠳᠡᠪᠡ᠃ ︽ | ᠪᠠᠭᠤᠯᠭᠠᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠵᠦᠢᠯᠡᠰ ᠢ | ᠭᠦᠢᠴᠡᠳᠬᠡᠬᠦ ᠶᠠᠪᠤᠴᠠ ᠶᠢ ᠤᠯᠠᠮ ᠨᠢᠭᠡ ᠠᠯᠬᠤᠮ ᠵᠢᠷᠤᠮᠵᠢᠭᠤᠯᠤᠨ ᠰᠢᠯᠢᠳᠡᠭᠵᠢᠭᠦᠯᠵᠦ᠂ ︽ᠬᠤᠶᠠᠷ ᠢ | ᠰᠢᠯᠢᠳᠡᠭᠵᠢᠭᠦᠯᠬᠦ︾ ᠠᠴᠠ ᠡᠮᠦᠨᠡᠬᠢ ᠮᠠᠲ᠋ᠧᠷᠢᠶᠠᠯ ᠢ 35% ᠪᠠᠷ ᠪᠠᠭᠠᠰᠬᠠᠵᠤ᠂ ᠭᠤᠭᠴᠤᠭ᠎ᠠ ᠶᠢ 37% ᠪᠠᠷ | ᠪᠠᠭᠠᠰᠬᠠᠵᠤ᠂ ᠴᠠᠭ ᠤᠨ ᠬᠢᠵᠠᠭᠠᠷ ᠢ 7% ᠪᠠᠷ ᠪᠠᠭᠠᠰᠬᠠᠪᠠ᠃ ᠡᠯ᠎ᠡ ᠲᠥᠷᠥᠯ ᠤᠨ ᠵᠠᠬ᠎ᠠ ᠳᠡᠯᠭᠡᠭᠦᠷ ᠤᠨ ᠭᠤᠣᠯ | ᠴᠣᠭᠴᠠ ᠰᠢᠨ᠎ᠡ ᠪᠠᠷ 6000 ᠡᠷᠦᠬᠡ ᠨᠡᠮᠡᠭᠳᠡᠪᠡ᠃ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠭᠠᠶᠢᠯᠢ ᠶᠢ | ᠬᠥᠩᠭᠡᠯᠡᠵᠦ ᠰᠦᠢᠳᠬᠡᠯ ᠢ ᠪᠠᠭᠤᠷᠠᠭᠤᠯᠤᠨ᠂ ᠭᠠᠶᠢᠯᠢ ᠰᠦᠢᠳᠬᠡᠯ ᠢ 9.3 ᠳ᠋ᠦᠩᠰᠢᠭᠤᠷ ᠲᠥᠭᠦᠷᠢᠭ ᠪᠤᠴᠠᠭᠠᠪᠠ᠃ | ᠨᠢᠭᠡ ᠵᠢᠯ ᠤᠨ ᠲᠤᠷᠰᠢ᠂ ᠪᠢᠳᠡ ᠪᠣᠳᠠᠲᠤ ᠶᠠᠪᠤᠳᠠᠯ ᠬᠢᠵᠦ᠂ ᠠᠷᠠᠳ ᠤᠨ ᠵᠣᠪᠠᠨᠢᠯ ᠢ ᠠᠷᠢᠯᠭᠠᠵᠤ᠂ ᠠᠷᠠᠳ ᠤᠨ | ᠠᠮᠢᠳᠤᠷᠠᠯ ᠤᠨ ᠠᠵᠠ ᠵᠢᠷᠭᠠᠯ ᠡᠳᠦᠷ ᠢᠷᠡᠬᠦᠶ᠎ᠡ ᠨᠡᠮᠡᠭᠳᠡᠪᠡ᠃ ᠬᠤᠲᠠ ᠪᠠᠯᠭᠠᠰᠤᠨ ᠤ 3100 ᠬᠥᠮᠦᠨ ᠳᠤ | ᠰᠢᠨ᠎ᠡ ᠪᠠᠷ ᠠᠵᠢᠯ ᠣᠯᠭᠤᠵᠤ᠂ ᠠᠵᠢᠯ ᠣᠯᠭᠤᠯᠲᠠ ᠶᠢᠨ ᠨᠥᠬᠦᠪᠥᠷᠢ ᠪᠠᠯᠠ ᠮᠥᠩᠭᠦ ᠪᠠ ᠠᠵᠢᠯ ᠠᠯᠳᠠᠯᠲᠠ ᠶᠢᠨ | ᠳᠠᠭᠠᠳᠬᠠᠯ ᠤᠨ ᠰᠠᠭᠤᠷᠢ ᠮᠥᠩᠭᠦ ᠶᠢᠨ ᠵᠠᠷᠤᠯᠭ᠎ᠠ 3970 ᠲᠦᠮᠡᠨ ᠲᠥᠭᠦᠷᠢᠭ ᠲᠤ ᠬᠦᠷᠪᠡ᠃ ᠡᠯ᠎ᠡ ᠲᠥᠷᠥᠯ ᠤᠨ | ᠨᠡᠶᠢᠭᠡᠮ ᠤᠨ ᠪᠠᠲᠤᠯᠠᠭ᠎ᠠ ᠪᠠ ᠠᠪᠤᠷᠠᠨ ᠲᠤᠰᠠᠯᠠᠬᠤ ᠪᠡᠯᠡ ᠮᠥᠩᠭᠦ ᠶᠢ 2.96 ᠳ᠋ᠦᠩᠰᠢᠭᠤᠷ ᠲᠥᠭᠦᠷᠢᠭ ᠲᠠᠷᠬᠠᠭᠠᠵᠤ | ᠂ ᠠᠰᠢᠭ ᠬᠦᠷᠲᠡᠭᠰᠡᠨ ᠣᠯᠠᠨ ᠲᠦᠮᠡᠨ 10.4 ᠲᠦᠮᠡᠨ ᠬᠥᠮᠦᠨ ᠤᠳᠠᠭ᠎ᠠ ᠳᠤ ᠬᠦᠷᠪᠡ᠃ ᠠᠷᠠᠳ ᠤᠨ | ᠠᠮᠢᠳᠤᠷᠠᠯ ᠤᠨ 10 ᠪᠣᠳᠠᠲᠤ ᠶᠠᠪᠤᠳᠠᠯ ᠤᠨ ᠲᠥᠷᠥᠯ ᠵᠦᠢᠯ ᠢ ᠴᠠᠭ ᠤᠨ ᠳᠠᠷᠠᠭᠠᠯᠠᠯ ᠢᠶᠠᠷ ᠪᠥᠲᠥᠭᠡᠨ ᠪᠠᠶᠢᠭᠤᠯᠵᠤ | ᠳᠠᠭᠤᠰᠬᠠᠪᠠ᠃ ᠤᠯᠠᠭᠠᠨᠬᠠᠳᠠ ᠬᠤᠲᠠ ᠶᠢᠨ ᠵᠡᠮᠳᠡᠭᠴᠦᠳ ᠤᠨ ᠡᠷᠡᠭᠦᠯᠵᠢᠯ ᠤᠨ ᠲᠥᠪ᠂ ᠰᠢᠶᠠᠨ ᠤ ᠲᠥᠪ | ᠡᠮᠨᠡᠯᠭᠡ ᠶᠢᠨ ᠬᠤᠷᠢᠶ᠎ᠠ ᠶᠢᠨ ᠪᠠᠷᠢᠮᠵᠢᠶ᠎ᠠ ᠶᠢ ᠳᠡᠭᠡᠭᠰᠢᠯᠡᠭᠦᠯᠦᠨ ᠴᠢᠳᠠᠮᠵᠢ ᠶᠢ ᠥᠷᠭᠡᠳᠬᠡᠬᠦ᠂ ᠡᠬᠡ ᠨᠢᠯᠬᠠᠰ ᠤᠨ | ᠡᠷᠡᠭᠦᠯᠵᠢᠯ ᠤᠨ ᠭᠠᠵᠠᠷ ᠢ ᠥᠷᠭᠡᠳᠬᠡᠨ ᠪᠠᠶᠢᠭᠤᠯᠬᠤ ᠵᠡᠷᠭᠡ ᠲᠥᠷᠥᠯ ᠵᠦᠢᠯ ᠤᠨ ᠭᠤᠣᠯ ᠴᠣᠭᠴᠠ ᠶᠢᠨ ᠠᠵᠢᠯ ᠢ | ᠳᠠᠭᠤᠰᠬᠠᠵᠤ᠂ ᠬᠢᠲᠠᠳ ᠮᠣᠩᠭᠤᠯ ᠡᠮᠨᠡᠯᠭᠡ ᠶᠢᠨ ᠬᠤᠷᠢᠶ᠎ᠠ ᠶᠢᠨ ᠬᠤᠶᠢᠲᠤ ᠡᠮᠨᠡᠯᠭᠡ ᠶᠢᠨ ᠬᠤᠷᠢᠶ᠎ᠠ ᠶᠢᠨ ᠰᠠᠭᠤᠷᠢ | ᠪᠠᠷᠢᠯᠭ᠎ᠠ ᠶᠢ ᠪᠡᠶᠡᠯᠡᠭᠦᠯᠪᠡ᠃ ᠤᠯᠤᠰ ᠤᠨ ᠲᠠᠰ ᠤᠨ ᠡᠷᠡᠭᠦᠯ ᠬᠠᠮᠠᠭᠠᠯᠠᠯ ᠤᠨ ᠬᠤᠲᠠ ᠶᠢᠨ ᠲᠤᠬᠠᠶ ᠶᠢᠨ | ᠲᠠᠯᠠᠪᠠᠶ ᠶᠢᠨ ᠬᠢᠨᠠᠨ ᠦᠨᠡᠯᠡᠯᠲᠡ ᠶᠢ ᠤᠷᠤᠭᠰᠢᠲᠠᠶ ᠪᠠᠲᠤᠯᠠᠵᠤ᠂ ᠡᠮ ᠡᠮᠨᠡᠯᠭᠡ ᠶᠢᠨ ᠳᠠᠭᠠᠳᠬᠠᠯ ᠳᠤ ᠣᠷᠣᠯᠴᠠᠭᠰᠠᠨ | ᠨᠣᠷᠮ᠎ᠠ ᠪᠥᠬᠦ ᠬᠤᠲᠠ ᠶᠢᠨ ᠲᠡᠷᠢᠭᠦᠨ ᠳᠤ ᠣᠷᠣᠪᠠ᠃ ᠳᠠᠪᠤᠲᠤᠭᠠᠷ ᠳᠤᠮᠳᠠᠲᠦ ᠰᠤᠷᠭᠠᠭᠤᠯᠢ᠂ ᠳᠠᠪᠤᠲᠤᠭᠠᠷ ᠪᠠᠭ᠎ᠠ | ᠰᠤᠷᠭᠠᠭᠤᠯᠢ ᠶᠢ ᠪᠠᠶᠢᠭᠤᠯᠤᠨ ᠳᠠᠭᠤᠰᠤᠨ ᠠᠰᠢᠭᠯᠠᠯᠲᠠ ᠳᠤ ᠤᠷᠤᠭᠤᠯᠪᠡ᠃ ᠠᠶᠤᠯᠭᠦᠢ ᠦᠢᠯᠡᠳᠪᠦᠷᠢᠯᠡᠯ ᠤᠨ | ᠦᠨᠳᠦᠰᠦᠨ ᠠᠴᠠ ᠨᠢ ᠵᠠᠰᠠᠬᠤ ᠪᠣᠭᠤᠮᠲᠠ ᠰᠢᠪᠲᠤᠯᠬᠤ ᠭᠤᠷᠪᠠᠨ ᠵᠢᠯ ᠤᠨ ᠠᠵᠢᠯᠯᠠᠭ᠎ᠠ ᠶᠢ ᠭᠦᠨᠵᠡᠭᠡᠢ ᠥᠷᠨᠢᠭᠦᠯᠵᠦ᠂ | ᠵᠠᠬᠢᠳᠠᠯ ᠰᠤᠷᠪᠤᠯᠵᠢᠯᠠᠭ᠎ᠠ ᠶᠢᠨ ᠵᠥᠷᠢᠴᠡᠯ ᠵᠢᠭᠤᠷᠠᠯᠳᠤᠭᠠᠨ ᠢ ᠪᠠᠶᠢᠴᠠᠭᠠᠨ ᠰᠢᠢᠳᠪᠦᠷᠢᠯᠡᠬᠦ ᠠᠵᠢᠯ ᠢ ᠦᠷᠭᠦᠯᠵᠢᠯᠡᠨ | ᠴᠢᠩᠭᠠᠳᠬᠠᠵᠤ᠂ ᠨᠡᠶᠢᠭᠡᠮ ᠤᠨ ᠶᠡᠭᠡ ᠲᠠᠯ᠎ᠠ ᠶᠢᠨ ᠡᠶ᠎ᠡ ᠵᠣᠬᠢᠴᠠᠯ ᠲᠠᠢ ᠲᠣᠭᠲᠠᠭᠤᠨ ᠪᠠᠶᠢᠬᠤ ᠶᠢ ᠪᠠᠲᠤᠯᠠᠪᠠ᠃ | ᠲᠥᠯᠥᠭᠡᠯᠡᠭᠴᠢᠳ ᠡ︕ ᠨᠢᠭᠡ ᠵᠢᠯ ᠤᠨ ᠲᠤᠷᠰᠢ᠂ ᠪᠢᠳᠡ ᠨᠠᠮ ᠤᠨ ᠤᠯᠤᠰ ᠲᠥᠷᠥ ᠶᠢᠨ ᠪᠠᠶᠢᠭᠤᠯᠤᠯᠲᠠ ᠶᠢ | ᠢᠮᠠᠭᠲᠠ ᠲᠡᠷᠢᠭᠦᠨ ᠪᠠᠶᠢᠷᠢᠨ ᠳᠤ ᠲᠠᠯᠪᠢᠵᠤ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ | ᠯᠠᠪᠳᠠᠭᠤᠨ ᠪᠠᠲᠤᠲᠠᠶ ᠥᠷᠨᠢᠭᠦᠯᠵᠦ᠂ ︽ᠦᠵᠡᠯ ᠰᠠᠨᠠᠭᠠᠨ ᠤ ᠶᠡᠭᠡ ᠴᠢᠯᠥᠭᠡᠯᠡᠯᠲᠡ᠂ ᠠᠵᠢᠯ ᠤᠨ ᠶᠡᠭᠡ ᠬᠤᠷᠳᠤᠴᠠ᠂ | ᠠᠵᠤ ᠠᠬᠤᠶ ᠶᠢᠨ ᠶᠡᠭᠡ ᠬᠥᠭᠵᠢᠯᠲᠡ︾ ᠶᠢᠨ ᠲᠤᠰᠬᠠᠶ ᠰᠡᠳᠦᠪᠲᠦ ᠶᠠᠷᠢᠯᠴᠠᠭᠠᠨ ᠤ ᠠᠵᠢᠯᠯᠠᠭ᠎ᠠ ᠶᠢ ᠭᠦᠨᠵᠡᠭᠡᠶ | ᠥᠷᠨᠢᠭᠦᠯᠵᠦ᠂ ᠵᠠᠰᠠᠭ ᠤᠨ ᠣᠷᠳᠣᠨ ᠤ ᠲᠣᠰ ᠪᠡᠶ᠎ᠡ ᠶᠢᠨ ᠪᠠᠶᠢᠭᠤᠯᠤᠯᠲᠠ ᠪᠠ ᠵᠠᠰᠠᠯᠲᠠ ᠶᠢᠨ ᠴᠢᠳᠠᠪᠤᠷᠢ ᠶᠢ ᠪᠥᠬᠦ | ᠲᠠᠯ᠎ᠠ ᠪᠠᠷ ᠴᠢᠩᠭᠠᠳᠬᠠᠪᠠ᠃ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠠᠤᠯᠢ ᠴᠠᠭᠠᠵᠠ ᠶᠢᠨ ᠬᠢᠨᠠᠯᠲᠠ | ᠂ ᠤᠯᠤᠰ ᠲᠦᠷᠦ ᠶᠢᠨ ᠵᠥᠪᠯᠡᠯᠭᠡᠨ ᠤ ᠠᠷᠠᠳᠴᠢᠯᠠᠭᠰᠠᠨ ᠬᠢᠨᠠᠯᠲᠠ᠂ ᠨᠡᠶᠢᠭᠡᠮ ᠤᠨ ᠡᠯ᠎ᠡ ᠲᠠᠯ᠎ᠠ ᠶᠢᠨ ᠬᠢᠨᠠᠯᠲᠠ ᠶᠢ | ᠤᠬᠠᠮᠰᠠᠷ ᠠᠴᠠ ᠪᠠᠨ ᠬᠦᠯᠢᠶᠡᠵᠦ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ | ᠰᠠᠨᠠᠭᠤᠯᠭ᠎ᠠ 115 ᠬᠤᠪᠢ᠂ ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ᠤᠨ ᠰᠠᠨᠠᠯ ᠳᠤᠷᠠᠳᠤᠯᠭ᠎ᠠ ᠶᠢ 111 | ᠬᠤᠪᠢ ᠴᠢᠨᠠᠷ ᠰᠠᠶᠢᠲᠠᠢ ᠭᠦᠢᠴᠡᠳᠬᠡᠪᠡ᠃ ᠤᠯᠤᠰ ᠤᠨ ᠪᠠᠲᠤᠯᠠᠨ ᠬᠠᠮᠠᠭᠠᠯᠠᠯᠲᠠ ᠶᠢᠨ ᠳᠠᠶᠢᠴᠢᠯᠠᠯᠲᠠ ᠪᠣᠯᠤᠨ | ᠪᠡᠯᠡᠳᠬᠡᠯ ᠬᠦᠴᠦᠨ ᠤ ᠪᠠᠶᠢᠭᠤᠯᠤᠯᠲᠠ᠂ ᠢᠳᠡᠭᠡᠨ ᠪᠠ ᠡᠮ ᠤᠨ ᠵᠦᠢᠯᠡᠰ᠂ ᠬᠢᠨᠠᠨ ᠪᠣᠳᠣᠯᠲᠠ ᠶᠢᠨ ᠬᠢᠨᠠᠯᠲᠠ | ᠲᠠᠯᠪᠢᠯᠲᠠ᠂ ᠲᠤᠭ᠎ᠠ ᠪᠦᠷᠢᠳᠬᠡᠯ ᠤᠨ ᠪᠠᠶᠢᠴᠠᠭᠠᠯᠲᠠ᠂ ᠠᠵᠢᠯᠲᠠᠨ ᠤ ᠶᠠᠪᠤᠳᠠᠯ ᠤᠨ ᠴᠢᠳᠠᠪᠤᠷᠢᠲᠠᠨ᠂ ᠴᠡᠷᠢᠭ ᠤᠨ | ᠠᠯᠪᠠᠨ ᠠᠴᠠ ᠪᠠᠭᠤᠭᠰᠠᠳ᠂ ᠦᠨᠳᠦᠰᠦᠲᠡᠨ ᠱᠠᠰᠢᠨ ᠰᠤᠷᠲᠠᠬᠤᠨ᠂ ᠲᠡᠦᠬᠡ ᠣᠶᠢᠯᠠᠯᠭ᠎ᠠ ᠶᠢᠨ ᠳᠠᠩᠰᠠ ᠡᠪᠬᠡᠮᠡᠯ᠂ | ᠷᠠᠳᠢᠣ᠋ ᠲᠧᠯᠸᠢᠰ᠂ ᠴᠠᠭ ᠠᠭᠤᠷ ᠭᠠᠯ ᠤᠨᠲᠠᠷᠠᠭᠠᠬᠤ ᠵᠡᠷᠭᠡ ᠠᠵᠢᠯ ᠰᠢᠨ᠎ᠡ ᠦᠷ᠎ᠡ ᠪᠦᠲᠦᠮᠵᠢ ᠣᠯᠵᠤ᠂ | ᠠᠵᠢᠯᠴᠢᠨ ᠤ ᠡᠪᠯᠡᠯ᠂ ᠵᠠᠯᠠᠭᠤᠴᠤᠳ ᠪᠠᠭᠠᠴᠤᠳ᠂ ᠡᠮᠡᠭᠲᠡᠶᠢᠴᠦᠳ ᠬᠡᠦᠬᠡᠳ᠂ ᠰᠢᠨᠵᠢᠯᠡᠬᠦ ᠤᠬᠠᠭᠠᠨ ᠮᠡᠷᠭᠡᠵᠢᠯ ᠤᠨ | ᠨᠡᠶᠢᠭᠡᠮᠯᠢᠭ᠂ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ᠂ ᠡᠨᠡᠷᠢᠩᠭᠦᠶ ᠶᠢᠨ ᠦᠢᠯᠡᠰ᠂ ᠵᠡᠮᠳᠡᠭᠴᠦᠳ ᠢ ᠲᠤᠰᠠᠯᠠᠵᠤ | ᠵᠡᠮᠳᠡᠭᠴᠦᠳ ᠢ ᠲᠡᠳᠬᠦᠬᠦ᠂ ᠬᠤᠪᠢᠰᠬᠠᠯ ᠤᠨ ᠡᠷᠲᠡ ᠴᠢᠯᠥᠭᠡᠯᠡᠭᠳᠡᠭᠰᠡᠨ ᠣᠷᠣᠨ ᠤ ᠪᠦᠲᠦᠭᠡᠨ ᠪᠠᠶᠢᠭᠤᠯᠤᠯᠲᠠ ᠵᠡᠷᠭᠡ | ᠠᠵᠢᠯ ᠦᠢᠯᠡᠰ ᠰᠢᠨ᠎ᠡ ᠳᠠᠪᠰᠢᠯᠲᠠ ᠲᠠᠢ ᠪᠣᠯᠪᠠ᠃ | ᠲᠥᠯᠥᠭᠡᠯᠡᠭᠴᠢᠳ ᠡ︕ ᠳᠡᠭᠡᠷ᠎ᠡ ᠳᠤᠷᠠᠳᠤᠭᠰᠠᠨ ᠠᠮᠵᠢᠯᠲᠠ ᠪᠦᠲᠦᠮᠵᠢ ᠶᠢ ᠣᠯᠤᠭᠰᠠᠨ ᠶᠠᠪᠤᠳᠠᠯ ᠪᠣᠯ | ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ | ᠰᠠᠨᠠᠭᠠᠨ ᠤ ᠰᠢᠨᠵᠢᠯᠡᠬᠦ ᠤᠬᠠᠭᠠᠨᠴᠢ ᠵᠢᠯᠤᠭᠤᠳᠤᠯᠭ᠎ᠠ ᠶᠢᠨ ᠦᠷ᠎ᠡ ᠳ᠋ᠦᠩ ᠮᠥᠨ᠂ ᠰᠢᠶᠠᠨ ᠤ ᠨᠠᠮ ᠤᠨ ᠬᠤᠷᠢᠶᠠᠨ ᠤ | ᠪᠠᠲᠤ ᠴᠢᠩᠭ᠎ᠠ ᠤᠳᠤᠷᠢᠳᠤᠯᠭ᠎ᠠ ᠶᠢᠨ ᠦᠷ᠎ᠡ ᠳ᠋ᠦᠩ ᠮᠥᠨ᠂ ᠰᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ᠂ ᠰᠢᠶᠠᠨ ᠤ ᠤᠯᠤᠰ ᠲᠦᠷᠦ ᠶᠢᠨ ᠵᠥᠪᠯᠡᠯᠭᠡᠨ ᠪᠣᠯᠤᠨ ᠨᠡᠶᠢᠭᠡᠮ ᠤᠨ ᠡᠯ᠎ᠡ ᠡᠲᠡᠭᠡᠳ ᠤᠨ ᠬᠢᠨ ᠤ ᠬᠦᠴᠦᠲᠡᠢ | ᠳᠡᠮᠵᠢᠯᠭᠡ ᠶᠢᠨ ᠦᠷ᠎ᠡ ᠳ᠋ᠦᠩ ᠮᠥᠨ᠂ ᠪᠦᠬᠦ ᠰᠢᠶᠠᠨ ᠢᠶᠠᠷ ᠢᠶᠠᠨ ᠪᠦᠯᠬᠦᠮᠳᠡᠨ ᠲᠡᠮᠡᠴᠡᠵᠦ᠂ ᠰᠢᠷᠭᠠᠭᠤ | ᠬᠠᠲᠠᠭᠤᠵᠢᠯᠲᠠᠢ ᠲᠡᠮᠡᠴᠡᠭᠰᠡᠨ ᠤ ᠦᠷ᠎ᠡ ᠳ᠋ᠦᠩ ᠮᠥᠨ᠃ ᠠᠳᠡ ᠪᠢ ᠰᠢᠶᠠᠨ ᠤ ᠠᠷᠠᠳ ᠤᠨ ᠵᠠᠰᠠᠭ ᠤᠨ ᠣᠷᠳᠣᠨ ᠤ | ᠡᠮᠦᠨ᠎ᠡ ᠠᠴᠠ᠂ ᠪᠦᠬᠦ ᠰᠢᠶᠠᠨ ᠤ ᠥᠷᠭᠡᠨ ᠤᠯᠠᠨ ᠺᠠᠳ᠋ᠷ ᠤᠯᠠᠨ ᠲᠦᠮᠡᠨ᠂ ᠠᠷᠠᠳ ᠤᠨ ᠲᠥᠯᠥᠭᠡᠯᠡᠭᠴᠢᠳ ᠤᠨ | ᠶᠡᠭᠡ ᠬᠤᠷᠠᠯ ᠤᠨ ᠲᠥᠯᠥᠭᠡᠯᠡᠭᠴᠢ᠂ ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ᠂ ᠡᠯ᠎ᠡ ᠠᠷᠠᠳᠴᠢᠯᠠᠭᠰᠠᠨ ᠨᠠᠮ | ᠪᠦᠯᠦᠭ᠂ ᠦᠢᠯᠡᠳᠪᠦᠷᠢ ᠬᠤᠳᠠᠯᠳᠤᠭᠠᠨ ᠤ ᠬᠤᠯᠪᠣᠭ᠎ᠠ᠂ ᠨᠠᠮ ᠪᠦᠯᠦᠭ ᠤᠨ ᠪᠤᠰᠤ ᠬᠥᠮᠦᠰ ᠪᠣᠯᠤᠨ ᠡᠯ᠎ᠡ | ᠠᠷᠠᠳ ᠤᠨ ᠪᠦᠯᠬᠦᠮ᠂ ᠠᠵᠢᠯ ᠠᠴᠠ ᠪᠠᠨ ᠠᠮᠠᠷᠠᠭᠰᠠᠨ ᠠᠬᠠᠮᠠᠳ ᠨᠥᠬᠦᠳ ᠵᠢᠴᠢ ᠨᠢᠩᠴᠧᠩ ᠤᠨ ᠬᠥᠭᠵᠢᠯᠲᠡ ᠶᠢ | ᠬᠠᠯᠠᠮᠵᠢᠯᠠᠨ ᠳᠡᠮᠵᠢᠭᠰᠡᠨ ᠨᠡᠶᠢᠭᠡᠮ ᠤᠨ ᠡᠯ᠎ᠡ ᠡᠲᠡᠭᠡᠳ ᠤᠨ ᠬᠥᠮᠦᠰ ᠲᠤ ᠡᠷᠬᠢᠮ ᠳᠡᠭᠡᠳᠦ ᠬᠦᠨᠳᠦᠳᠬᠡᠯ ᠪᠣᠯᠤᠨ | ᠴᠢᠩ ᠰᠡᠳᠬᠢᠯ ᠤᠨ ᠲᠠᠯᠠᠷᠬᠠᠯ ᠢᠶᠠᠨ ᠳᠡᠪᠰᠢᠭᠦᠯᠦᠶ᠎ᠡ︕ | ᠠᠮᠵᠢᠯᠲᠠ ᠪᠠᠨ ᠣᠯᠵᠤ ᠬᠠᠷᠠᠬᠤ ᠶᠢᠨ ᠬᠠᠮᠲᠤ᠂ ᠪᠢᠳᠡ ᠪᠠᠰᠠ ᠵᠠᠷᠢᠮ ᠬᠦᠴᠢᠷᠳᠡᠯ ᠪᠠ ᠥᠷᠢᠰᠥᠯᠳᠦᠭᠡᠨ | ᠣᠷᠣᠰᠢᠵᠤ ᠪᠠᠶᠢᠨ᠎ᠠ ᠭᠡᠳᠡᠭ ᠢ ᠰᠡᠷᠭᠡᠭ ᠢᠶᠠᠷ ᠲᠠᠨᠢᠵᠤ ᠤᠯᠪᠠ᠃ ᠡᠭᠦᠨ ᠳᠤ ᠪᠢᠳᠡ ᠵᠠᠪᠠᠯ ᠠᠰᠠᠭᠤᠳᠠᠯ ᠳᠤ | ᠵᠥᠪ ᠢᠶᠠᠷ ᠬᠠᠨᠳᠤᠵᠤ᠂ ᠵᠥᠷᠢᠴᠡᠯ ᠳᠤ ᠰᠢᠭᠤᠳ ᠬᠠᠨᠳᠤᠵᠤ᠂ ᠪᠣᠳᠠᠲᠠᠢ ᠠᠷᠭ᠎ᠠ ᠬᠡᠮᠵᠢᠶ᠎ᠡ ᠠᠪᠴᠤ᠂ ᠬᠠᠲᠠᠭᠤ | ᠠᠷᠭ᠎ᠠ ᠬᠡᠮᠵᠢᠶ᠎ᠡ ᠠᠪᠴᠤ᠂ ᠨᠠᠷᠢᠨ ᠬᠢᠨᠠᠮᠠᠭᠠᠢ ᠰᠢᠢᠳᠪᠤᠷᠢᠯᠡᠨ᠎ᠡ᠃ | ᠬᠤᠶᠠᠷ᠂ 2025 ᠣᠨ ᠤ ᠭᠤᠣᠯ ᠠᠵᠢᠯ ᠤᠨ ᠡᠭᠦᠷᠭᠡ | 2025 ᠤᠨ ᠪᠣᠯ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ᠡᠴᠦᠰ ᠤᠨ ᠵᠢᠯ | ᠮᠥᠨ᠂ ︽ᠠᠷᠪᠠᠨ ᠲᠠᠪᠤᠳᠤᠭᠠᠷ ᠲᠠᠪᠤᠨ ᠵᠢᠯ︾ ᠤᠨ ᠲᠥᠯᠥᠪᠵᠢᠭᠦᠯᠭᠡ ᠶᠢᠨ ᠪᠠᠶᠢᠷᠢᠰᠢᠭᠤᠯᠤᠯᠲᠠ ᠶᠢᠨ ᠵᠢᠯ ᠮᠥᠨ᠂ | ᠪᠠᠰᠠ ᠴᠤ ᠥᠭᠡᠷᠡᠴᠢᠯᠡᠯᠲᠡ ᠶᠢ ᠪᠥᠬᠦ ᠲᠠᠯ᠎ᠠ ᠪᠠᠷ ᠭᠦᠨᠵᠡᠭᠡᠶᠢᠷᠡᠭᠦᠯᠬᠦ ᠶᠢ ᠭᠦᠨᠵᠡᠭᠡᠶᠢᠷᠡᠭᠦᠯᠬᠦ ᠵᠠᠩᠭᠢᠯᠠᠭ᠎ᠠ ᠶᠢᠨ ᠵᠢᠯ | ᠮᠥᠨ᠂ ᠪᠥᠬᠦ ᠵᠢᠯ ᠤᠨ ᠠᠵᠢᠯ ᠢ ᠰᠠᠶᠢᠲᠤᠷ ᠬᠢᠬᠦ ᠨᠢ ᠴᠢᠬᠤᠯᠠ ᠶᠡᠭᠡ ᠠᠴᠢ ᠬᠤᠯᠪᠣᠭᠳᠠᠯ ᠲᠠᠢ ᠶᠤᠮ᠃ | ᠡᠨᠡ ᠵᠢᠯ ᠤᠨ ᠵᠠᠰᠠᠭ ᠤᠨ ᠣᠷᠳᠣᠨ ᠤ ᠠᠵᠢᠯ ᠤᠨ ᠶᠡᠷᠦᠩᠬᠡᠶ ᠱᠠᠭᠠᠷᠳᠠᠯᠭ᠎ᠠ ᠪᠣᠯ᠄ ᠰᠢ ᠶᠢᠨ ᠫᠢᠩ ᠤᠨ ᠰᠢᠨ᠎ᠡ | ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ | ᠵᠢᠯᠣᠭᠤᠳᠣᠯᠭ᠎ᠠ ᠪᠣᠯᠭᠠᠬᠤ ᠶᠢ ᠪᠠᠷᠢᠮᠲᠠᠯᠠᠵᠤ᠂ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠶ | ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ | ᠲᠤᠭᠤᠰᠢᠯᠠᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ | ᠴᠣᠭᠴᠠᠯᠠᠬᠤ ᠪᠠᠷ ᠭᠤᠤᠯ ᠰᠢᠵᠢᠮ ᠪᠣᠯᠭᠠᠵᠤ᠂ ᠥᠪᠡᠷᠲᠡᠭᠡᠨ ᠵᠠᠰᠠᠬᠤ ᠣᠷᠣᠨ ᠤ ︽ᠲᠠᠪᠤᠨ ᠶᠡᠭᠡ ᠡᠭᠦᠷᠭᠡ︾᠂ ︽ | ᠵᠢᠷᠭᠤᠭᠠᠨ ᠢᠨᠵᠧᠨᠧᠷᠢᠩ︾᠂ ︽ᠵᠢᠷᠭᠤᠭᠠᠨ ᠠᠵᠢᠯᠯᠠᠭ᠎ᠠ︾ ᠪᠣᠯᠤᠨ ᠬᠤᠲᠠ ᠶᠢᠨ ᠨᠠᠮ ᠤᠨ ᠬᠤᠷᠢᠶ᠎ᠠ ᠶᠢᠨ ︽ | ᠠᠷᠪᠠᠨ ᠶᠡᠭᠡ ᠠᠵᠢᠯᠯᠠᠭ᠎ᠠ︾ ᠪᠠᠷ ᠬᠥᠲᠥᠯᠦᠮᠵᠢ ᠪᠣᠯᠭᠠᠵᠤ᠂ ᠰᠢᠶᠠᠨ ᠤ ᠨᠠᠮ ᠤᠨ ᠬᠤᠷᠢᠶ᠎ᠠ ᠶᠢᠨ ᠠᠷᠪᠠᠨ | ᠵᠢᠷᠭᠤᠳᠤᠭᠠᠷ ᠬᠤᠭᠤᠴᠠᠭᠠᠨ ᠤ ᠬᠤᠷᠢᠨ ᠵᠢᠷᠭᠤᠳᠤᠭᠠᠷ ᠪᠥᠬᠦᠳᠡ ᠬᠤᠷᠠᠯ ᠵᠢᠴᠢ ᠪᠥᠬᠦ ᠰᠢᠶᠠᠨ ᠤ ᠠᠵᠤ ᠠᠬᠤᠶ ᠶᠢᠨ | ᠠᠵᠢᠯ ᠤᠨ ᠬᠤᠷᠠᠯ ᠤᠨ ᠱᠠᠭᠠᠷᠳᠠᠯᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠲᠥᠷᠥᠯ ᠵᠦᠢᠯ ᠤᠨ ᠪᠥᠲᠥᠭᠡᠨ | ᠪᠠᠶᠢᠭᠤᠯᠤᠯᠲᠠ ᠪᠠ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠶᠢ ᠶᠡᠭᠡ ᠪᠠᠷ ᠠᠳᠬᠤᠵᠤ᠂ ᠠᠵᠤ ᠠᠬᠤᠶ ᠶᠢ | ᠤᠯᠠᠮ ᠨᠢᠭᠡ ᠠᠯᠬᠤᠮ ᠲᠣᠭᠲᠠᠪᠤᠷᠢᠵᠢᠭᠤᠯᠵᠤ᠂ ᠬᠡᠯᠪᠡᠷᠢ ᠪᠠᠨ ᠬᠤᠪᠢᠷᠠᠭᠤᠯᠬᠤ ᠶᠢ ᠠᠬᠢᠭᠤᠯᠵᠤ᠂ ᠠᠷᠠᠳ ᠤᠨ | ᠠᠮᠢᠳᠤᠷᠠᠯ ᠳᠤ ᠠᠰᠢᠭ ᠬᠦᠷᠲᠡᠭᠡᠵᠦ᠂ ᠬᠥᠭᠵᠢᠯᠲᠡ ᠪᠠ ᠠᠮᠤᠷ ᠲᠦᠪᠰᠢᠨ ᠢ ᠨᠠᠩ ᠰᠠᠶᠢᠲᠤᠷ ᠨᠢᠭᠡᠳᠦᠯᠲᠡᠶ | ᠲᠥᠯᠥᠪᠵᠢᠭᠦᠯᠵᠦ᠂ ᠨᠢᠩᠴᠧᠩ ᠤᠨ ᠬᠥᠭᠵᠢᠯᠲᠡ ᠶᠢᠨ ᠲᠣᠭᠲᠠᠭᠤᠨ ᠤ ᠳᠤᠮᠳᠠ ᠤᠷᠤᠭᠰᠢᠯᠠᠨ ᠳᠠᠪᠰᠢᠬᠤ ᠶᠢ | ᠠᠬᠢᠭᠤᠯᠵᠤ᠂ ᠪᠥᠬᠦ ᠵᠢᠯ ᠤᠨ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠡᠭᠦᠷᠭᠡ ᠶᠢ ᠴᠢᠨᠠᠷ ᠰᠠᠶᠢᠲᠠᠶ | ᠪᠡᠶᠡᠯᠡᠭᠦᠯᠵᠦ᠂ ᠪᠥᠬᠦ ᠤᠯᠤᠰ ᠤᠨ ᠵᠠᠭᠤᠨ ᠬᠦᠴᠦᠷᠬᠡᠭ ᠰᠢᠶᠠᠨ ᠢ ᠴᠢᠷᠮᠠᠶᠢᠨ ᠪᠡᠶᠡᠯᠡᠭᠦᠯᠬᠦ ᠶᠠᠪᠤᠳᠠᠯ ᠪᠣᠯᠤᠨ᠎ᠠ᠃ | ᠡᠨᠡ ᠵᠢᠯ ᠤᠨ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠭᠤᠣᠯ ᠵᠢᠱᠢᠭᠰᠡᠨ ᠬᠠᠷᠠᠯᠲᠠ ᠪᠣᠯ᠄ ᠭᠠᠵᠠᠷ | ᠣᠷᠣᠨ ᠤ ᠦᠢᠯᠡᠳᠪᠦᠷᠢᠯᠡᠯ ᠤᠨ ᠶᠡᠷᠦᠩᠬᠡᠢ ᠥᠷᠲᠡᠭ ᠢ 8% ᠣᠷᠴᠢᠮ ᠨᠡᠮᠡᠭᠳᠡᠭᠦᠯᠦᠨ᠎ᠡ᠃ ᠲᠣᠭᠲᠠᠮᠠᠯ | ᠬᠥᠷᠥᠩᠭᠡ ᠶᠢᠨ ᠪᠡᠯᠡ ᠣᠷᠣᠭᠤᠯᠤᠯᠲᠠ ᠶᠢ 20% ᠣᠷᠴᠢᠮ ᠨᠡᠮᠡᠭᠳᠡᠭᠦᠯᠦᠨ᠎ᠡ᠃ ᠨᠡᠶᠢᠭᠡᠮ ᠤᠨ ᠬᠡᠷᠡᠭᠯᠡᠭᠡᠨ ᠤ | ᠵᠦᠢᠯ ᠤᠨ ᠵᠢᠵᠢᠭᠯᠡᠨ ᠬᠤᠳᠠᠯᠳᠤᠬᠤ ᠶᠡᠷᠦᠩᠬᠡᠢ ᠲᠤᠭ᠎ᠠ ᠶᠢ 6% ᠣᠷᠴᠢᠮ ᠨᠡᠮᠡᠭᠳᠡᠭᠦᠯᠦᠨ᠎ᠡ ᠃ ᠡᠩ ᠤᠨ ᠣᠯᠠᠨ | ᠨᠡᠶᠢᠲᠡ ᠶᠢᠨ ᠲᠥᠰᠥᠪ ᠤᠨ ᠣᠷᠣᠯᠭ᠎ᠠ ᠶᠢ 2.3% ᠣᠷᠴᠢᠮ ᠨᠡᠮᠡᠭᠳᠡᠭᠦᠯᠦᠨ᠎ᠡ᠃ ᠬᠤᠲᠠ ᠬᠥᠳᠡᠭᠡ ᠶᠢᠨ ᠪᠠᠶᠢᠩᠭᠤ | ᠰᠠᠭᠤᠭ᠎ᠠ ᠰᠠᠭᠤᠭᠠᠯᠢ ᠠᠷᠠᠳ ᠤᠨ ᠬᠥᠮᠥᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ ᠶᠢ ᠲᠤᠰ ᠲᠤᠰ 6% | ᠪᠠ 8% ᠣᠷᠴᠢᠮ ᠨᠡᠮᠡᠭᠳᠡᠭᠦᠯᠦᠨ᠎ᠡ᠃ | ᠡᠳᠡᠭᠡᠷ ᠵᠢᠱᠢᠭᠰᠡᠨ ᠬᠠᠷᠠᠯᠲᠠ ᠨᠢ ᠬᠤᠲᠠ ᠶᠢᠨ ᠵᠢᠱᠢᠯᠲᠡ ᠠᠴᠠ ᠥᠨᠳᠥᠷ ᠪᠠᠶᠢᠳᠠᠭ᠂ ᠡᠨᠡ ᠪᠣᠯ ᠰᠢᠶᠠᠨ ᠤ | ᠨᠠᠮ ᠤᠨ ᠬᠤᠷᠢᠶ᠎ᠠ᠂ ᠵᠠᠰᠠᠭ ᠤᠨ ᠣᠷᠳᠣᠨ ᠳᠣᠲᠣᠭᠠᠳᠤ ᠭᠠᠳᠠᠭᠠᠳᠤ ᠣᠷᠴᠢᠨ ᠲᠣᠭᠤᠷᠢᠨ ᠤ ᠬᠤᠪᠢᠷᠠᠯᠲᠠ ᠶᠢ | ᠶᠡᠷᠦᠩᠬᠡᠶᠢᠯᠡᠨ ᠪᠣᠳᠣᠯᠬᠢᠯᠠᠵᠤ᠂ ᠡᠯ᠎ᠡ ᠲᠠᠯ᠎ᠠ ᠶᠢᠨ ᠬᠦᠴᠦᠨ ᠵᠦᠢᠯ ᠢ ᠳᠠᠬᠢᠨ ᠳᠠᠪᠲᠠᠨ ᠪᠣᠳᠣᠯᠬᠢᠯᠠᠭᠰᠠᠨ ᠤ ᠳᠠᠷᠠᠭ᠎ᠠ | ᠲᠣᠭᠲᠠᠭᠠᠭᠰᠠᠨ ᠶᠤᠮ᠂ ᠲᠣᠭᠲᠠᠭᠤᠨ ᠤ ᠳᠤᠮᠳᠠ ᠤᠷᠤᠭᠰᠢᠯᠠᠨ ᠳᠠᠪᠰᠢᠬᠤ᠂ ᠤᠷᠤᠭᠰᠢᠯᠠᠬᠤ ᠪᠠᠷ ᠲᠣᠭᠲᠠᠭᠤᠨ | ᠪᠠᠶᠢᠳᠠᠯ ᠢ ᠠᠬᠢᠭᠤᠯᠬᠤ᠂ ᠤᠷᠤᠭᠰᠢᠯᠠᠯᠲᠠ ᠶᠢᠨ ᠳᠤᠮᠳᠠ ᠲᠡᠷᠢᠭᠦᠨ ᠳᠤ ᠣᠷᠣᠬᠤ ᠪᠠᠷ ᠴᠢᠷᠮᠠᠶᠢᠬᠤ ᠱᠠᠭᠠᠷᠳᠠᠯᠭ᠎ᠠ ᠶᠢ | ᠲᠤᠭᠤᠰᠢᠯᠠᠭᠤᠯᠵᠤ᠂ ᠰᠠᠨᠠᠭᠠᠴᠢᠯᠠᠭ᠎ᠠ ᠠᠴᠠ ᠪᠠᠨ ᠵᠢᠳᠬᠦᠯ ᠴᠢᠷᠮᠠᠶᠢᠯᠭ᠎ᠠ ᠭᠠᠷᠭᠠᠬᠤ᠂ ᠢᠳᠡᠪᠬᠢᠲᠡᠶ ᠪᠠᠷ ᠤᠷᠤᠭᠰᠢᠯᠠᠨ | ᠳᠠᠪᠰᠢᠬᠤ ᠣᠪᠣᠷ ᠢ ᠢᠯᠡᠷᠡᠭᠦᠯᠵᠦ᠂ ᠡᠭᠦᠨ ᠤ ᠵᠣᠷᠢᠯᠭ᠎ᠠ ᠨᠢ ᠮᠠᠨ ᠤ ᠲᠣᠰ ᠪᠡᠶ᠎ᠡ ᠶᠢᠨ ᠳᠠᠷᠤᠯᠲᠠ ᠶᠢ ᠳᠠᠬᠢᠨ ᠶᠡᠭᠡ | ᠪᠣᠯᠭᠠᠵᠤ᠂ ᠠᠵᠢᠯ ᠤᠨ ᠬᠥᠳᠡᠯᠭᠡᠬᠦ ᠬᠦᠴᠦᠨ ᠢ ᠳᠠᠬᠢᠨ ᠴᠢᠩᠭᠠᠷᠠᠭᠤᠯᠬᠤ ᠶᠢᠨ ᠲᠥᠯᠥᠭᠡ ᠶᠤᠮ᠂ ᠡᠷᠴᠢ ᠵᠣᠷᠢᠭ ᠢᠶᠠᠷ | ᠬᠠᠷᠠᠯᠲᠠ ᠡᠭᠦᠷᠭᠡ ᠪᠠᠨ ᠪᠥᠬᠦ ᠬᠦᠴᠦᠨ ᠢᠶᠠᠷ ᠢᠶᠠᠨ ᠪᠡᠶᠡᠯᠡᠭᠦᠯᠵᠦ᠂ ᠠᠵᠤ ᠠᠬᠤᠶ ᠶᠢᠨ ᠶᠠᠰᠤ ᠴᠢᠨᠠᠷ ᠢ ᠪᠦᠲᠦᠮᠵᠢᠲᠡᠶ | ᠳᠡᠭᠡᠭᠰᠢᠯᠡᠭᠦᠯᠬᠦ ᠪᠠ ᠲᠤᠭ᠎ᠠ ᠬᠡᠮᠵᠢᠶ᠎ᠡ ᠶᠢ ᠵᠦᠶ ᠵᠣᠬᠢᠰᠲᠠᠶ ᠨᠡᠮᠡᠭᠳᠡᠭᠦᠯᠬᠦ ᠶᠢ ᠦᠨᠡᠨ ᠬᠦ ᠪᠠᠲᠤᠯᠠᠬᠤ ᠶᠢᠨ ᠲᠥᠯᠥᠭᠡ | ᠶᠤᠮ᠃ ᠲᠠᠷᠠᠭᠠᠴᠢ ᠶᠢᠨ ᠠᠯᠬᠤᠮ ᠳᠤ ᠨᠠᠢᠮᠠᠨ ᠲᠠᠯ᠎ᠠ ᠶᠢᠨ ᠠᠵᠢᠯ ᠢ ᠭᠤᠤᠯᠳᠠᠯᠭ᠎ᠠ ᠲᠠᠢ ᠰᠠᠶᠢᠲᠤᠷ ᠬᠢᠬᠦ ᠬᠡᠷᠡᠭᠲᠡᠶ᠄ | ︵ᠨᠢᠭᠡ︶ ᠪᠦᠲᠦᠮᠵᠢᠲᠡᠢ ᠪᠡᠯᠡ ᠤᠷᠤᠭᠤᠯᠤᠯᠲᠠ ᠶᠢ ᠬᠦᠴᠦᠯᠡᠨ ᠦᠷᠭᠡᠳᠭᠡᠵᠦ᠂ ᠲᠦᠷᠦᠯ ᠵᠦᠢᠯ ᠤᠨ | ᠪᠦᠲᠦᠭᠡᠨ ᠪᠠᠶᠢᠭᠤᠯᠤᠯᠲᠠ ᠶᠢᠨ ᠲᠠᠯ᠎ᠠ ᠪᠠᠷ ᠬᠦᠴᠦ ᠪᠠᠨ ᠲᠦᠪᠯᠡᠷᠡᠭᠦᠯᠦᠨ ᠰᠢᠪᠲᠤᠯᠤᠯᠲᠠ ᠬᠢᠨ᠎ᠡ | ᠭᠤᠣᠯᠳᠠᠯᠭ᠎ᠠ ᠲᠠᠢ ᠲᠥᠷᠥᠯ ᠵᠦᠢᠯ ᠤᠨ ᠪᠠᠶᠢᠭᠤᠯᠤᠯᠲᠠ ᠶᠢ ᠴᠢᠩᠭ᠎ᠠ ᠠᠳᠬᠤᠨ᠎ᠠ᠃ | ᠨᠥᠭᠡᠴᠡᠯᠡᠬᠦ ᠵᠦᠢᠯᠡᠰ ᠢ ᠨᠠᠷᠢᠨ ᠬᠢᠨᠠᠮᠠᠭᠠᠢ ᠲᠥᠯᠥᠪᠵᠢᠭᠦᠯᠦᠨ᠎ᠡ᠃ | ᠠᠷᠠᠯᠵᠢᠶᠠᠴᠢᠨ ᠤᠷᠢᠵᠤ ᠪᠡᠯᠡ ᠣᠷᠣᠭᠤᠯᠬᠤ ᠶᠢ ᠬᠦᠴᠦᠲᠡᠶ ᠠᠬᠢᠭᠤᠯᠤᠨ᠎ᠠ᠃ | ︵ᠬᠤᠶᠠᠷ︶ ᠠᠵᠤ ᠦᠢᠯᠡᠳᠪᠦᠷᠢ ᠶᠢᠨ ᠰᠢᠯᠢᠳᠡᠭ ᠢ ᠨᠢ ᠰᠢᠨ᠎ᠡ ᠲᠡᠰᠢ ᠪᠤᠶᠢᠵᠢᠭᠤᠯᠬᠤ ᠶᠢ ᠬᠦᠴᠦᠯᠡᠨ | ᠠᠬᠢᠭᠤᠯᠵᠤ᠂ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠳᠡᠰ ᠳᠡᠪᠰᠢᠭᠦᠯᠬᠦ ᠲᠠᠯ᠎ᠠ ᠪᠠᠷ ᠬᠦᠴᠦ ᠪᠠᠨ | ᠬᠠᠮᠲᠤᠳᠬᠠᠨ ᠰᠢᠪᠲᠤᠯᠤᠯᠲᠠ ᠬᠢᠨ᠎ᠡ | ᠠᠵᠤ ᠦᠢᠯᠡᠳᠪᠤᠷᠢ ᠶᠢᠨ ᠳᠠᠬᠢᠨ ᠢᠶᠠᠷ ᠨᠡᠮᠡᠭᠳᠡᠬᠦ ᠠᠵᠢᠯᠯᠠᠭ᠎ᠠ ᠬᠢᠨ᠎ᠡ᠃ | ᠬᠦᠷᠢᠶᠡᠯᠡᠩ ᠲᠣᠭᠤᠷᠢᠭ ᠤᠨ ᠦᠢᠯᠡᠴᠢᠯᠡᠭᠡᠨ ᠤ ᠪᠠᠲᠤᠯᠠᠭ᠎ᠠ ᠶᠢ ᠴᠢᠩᠭᠠᠳᠬᠠᠨ᠎ᠠ᠃ | ︵ᠭᠤᠷᠪᠠ︶ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠬᠦᠴᠦᠯᠡᠨ ᠠᠬᠢᠭᠤᠯᠵᠤ᠂ ᠤᠳᠤ | ᠦᠶ᠎ᠡ ᠶᠢᠨ ᠲᠠᠷᠢᠶᠠᠯᠠᠩ ᠮᠠᠯ ᠠᠵᠤ ᠠᠬᠤᠢ ᠶᠢ ᠬᠥᠭᠵᠢᠭᠦᠯᠬᠦ ᠲᠠᠯ᠎ᠠ ᠪᠠᠷ ᠬᠦᠴᠦ ᠪᠠᠨ ᠲᠥᠪᠯᠡᠷᠡᠭᠦᠯᠦᠨ | ᠰᠢᠪᠲᠤᠯᠤᠯᠲᠠ ᠬᠢᠨ᠎ᠡ | ᠲᠠᠷᠢᠶᠠᠯᠠᠩ ᠮᠠᠯ ᠠᠵᠤ ᠠᠬᠤᠶ ᠶᠢᠨ ᠴᠢᠨᠠᠷ ᠢ ᠳᠡᠭᠡᠭᠰᠢᠯᠡᠭᠦᠯᠦᠨ ᠠᠰᠢᠭ ᠢ ᠨᠡᠮᠡᠭᠳᠡᠭᠦᠯᠬᠦ ᠶᠢ ᠠᠬᠢᠭᠤᠯᠤᠨ᠎ᠠ᠃ | ᠠᠵᠤ ᠦᠢᠯᠡᠰᠦᠵᠢᠯᠲᠡ ᠶᠢᠨ ᠲᠦᠪᠰᠢᠨ ᠢ ᠪᠦᠬᠦ ᠲᠠᠯ᠎ᠠ ᠪᠠᠷ ᠳᠡᠭᠡᠭᠰᠢᠯᠡᠭᠦᠯᠦᠨ᠎ᠡ᠃ | ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯᠯᠠᠭ᠎ᠠ ᠶᠢ ᠬᠡᠷᠡᠭᠵᠢᠭᠦᠯᠦᠨ᠎ᠡ᠃ | ︵ᠲᠦᠷᠪᠡ︶ ᠦᠢᠯᠡᠴᠢᠯᠡᠭᠡᠨ ᠤ ᠦᠢᠯᠡᠰ ᠤᠨ ᠳᠡᠰ ᠳᠡᠪᠰᠢᠬᠦ ᠶᠢ ᠬᠦᠴᠦᠯᠡᠨ ᠠᠬᠢᠭᠤᠯᠵᠤ᠂ ᠳᠠᠯᠳᠠ | ᠬᠦᠴᠦᠨ ᠢ ᠠᠭᠤᠳᠠᠯᠤᠨ ᠦᠷ᠎ᠡ ᠠᠰᠢᠭ ᠢ ᠨᠡᠮᠡᠭᠳᠡᠭᠦᠯᠬᠦ ᠲᠠᠯ᠎ᠠ ᠪᠠᠷ ᠬᠦᠴᠦ ᠪᠠᠨ ᠬᠠᠮᠲᠤᠳᠬᠠᠨ ᠰᠢᠪᠲᠤᠯᠤᠯᠲᠠ | ᠬᠢᠨ᠎ᠡ | ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠠᠮᠢᠵᠢᠷᠠᠯ ᠤᠨ ᠬᠦᠴᠦᠨ ᠢ ᠬᠥᠭᠵᠢᠭᠡᠨ᠎ᠡ᠃ | ᠬᠤᠳᠠᠯᠳᠤᠭ᠎ᠠ ᠠᠷᠠᠯᠵᠢᠶᠠᠨ ᠤ ᠪᠠᠷᠠᠭᠠᠨ ᠤ ᠭᠦᠢᠯᠭᠡᠭᠡᠨ ᠤ ᠰᠢᠰᠲ᠋ᠧᠮᠵᠢ ᠶᠢ ᠲᠡᠭᠦᠯᠳᠡᠷᠵᠢᠭᠦᠯᠦᠨ᠎ᠡ᠃ | ︵ᠲᠠᠪᠤ︶ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠶᠢ ᠬᠦᠴᠦᠯᠡᠨ ᠭᠦᠨᠵᠡᠭᠡᠶᠢᠷᠡᠭᠦᠯᠵᠦ᠂ ᠬᠥᠭᠵᠢᠯᠲᠡ ᠶᠢᠨ | ᠠᠮᠢᠵᠢᠷᠠᠯ ᠤᠨ ᠬᠦᠴᠦᠨ ᠢ ᠪᠠᠳᠠᠷᠠᠭᠤᠯᠬᠤ ᠲᠠᠯ᠎ᠠ ᠪᠠᠷ ᠬᠦᠴᠦ ᠪᠠᠨ ᠲᠥᠪᠯᠡᠷᠡᠭᠦᠯᠦᠨ ᠰᠢᠪᠲᠤᠯᠤᠯᠲᠠ ᠬᠢᠨ᠎ᠡ | ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠪᠥᠬᠦ ᠬᠦᠴᠦᠨ ᠢᠶᠠᠷ ᠢᠶᠠᠨ ᠰᠢᠯᠢᠳᠡᠭᠵᠢᠭᠦᠯᠦᠨ᠎ᠡ᠃ | ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠶᠢ ᠦᠷᠭᠦᠯᠵᠢᠯᠡᠨ ᠭᠦᠨᠵᠡᠭᠡᠶᠢᠷᠡᠭᠦᠯᠦᠨ᠎ᠡ᠃ | ᠵᠢᠷᠭᠤᠭ᠎ᠠ᠂ ᠬᠤᠲᠠ ᠬᠥᠳᠡᠭᠡ ᠶᠢᠨ ᠠᠭᠤᠰᠤᠯᠴᠠᠯ ᠢ ᠬᠦᠴᠦᠯᠡᠨ ᠠᠬᠢᠭᠤᠯᠵᠤ᠂ ᠣᠷᠣᠰᠢᠨ ᠰᠠᠭᠤᠬᠤ ᠳᠤ | ᠲᠣᠬᠢᠷᠠᠮᠵᠢᠲᠠᠶ ᠬᠢᠷᠢ ᠲᠦᠪᠰᠢᠨ ᠢ ᠳᠡᠭᠡᠭᠰᠢᠯᠡᠭᠦᠯᠬᠦ ᠲᠠᠯ᠎ᠠ ᠪᠠᠷ ᠬᠦᠴᠦ ᠪᠠᠨ ᠲᠥᠪᠯᠡᠷᠡᠭᠦᠯᠦᠨ ᠰᠢᠪᠲᠤᠯᠤᠯᠲᠠ ᠬᠢᠨ᠎ᠡ | ᠬᠤᠲᠠ ᠶᠢᠨ ᠪᠦᠲᠦᠭᠡᠨ ᠪᠠᠶᠢᠭᠤᠯᠤᠯᠲᠠ ᠶᠢᠨ ᠴᠢᠨᠠᠷ ᠴᠢᠨᠰᠠᠭ᠎ᠠ ᠶᠢ ᠴᠢᠷᠮᠠᠶᠢᠨ ᠳᠡᠭᠡᠭᠰᠢᠯᠡᠭᠦᠯᠦᠨ᠎ᠡ᠃ | ᠬᠤᠲᠠ ᠶᠢᠨ ᠨᠠᠷᠢᠯᠢᠭᠵᠢᠭᠤᠯᠤᠭᠰᠠᠨ ᠬᠠᠮᠢᠶᠠᠷᠤᠯᠲᠠ ᠶᠢ ᠴᠢᠩᠭᠠᠳᠬᠠᠨ᠎ᠠ᠃ | ᠬᠤᠲᠠ ᠬᠥᠳᠡᠭᠡ ᠶᠢᠨ ᠰᠠᠭᠤᠷᠢ ᠲᠥᠬᠦᠭᠡᠷᠦᠮᠵᠢ ᠶᠢ ᠲᠦᠷᠭᠡᠨ ᠲᠡᠭᠦᠯᠳᠡᠷᠵᠢᠭᠦᠯᠦᠨ᠎ᠡ᠃ | ︵ᠳᠤᠯᠤᠭ᠎ᠠ︶ ᠠᠷᠠᠳ ᠤᠨ ᠠᠮᠢᠳᠤᠷᠠᠯ ᠤᠨ ᠠᠵᠠ ᠵᠢᠷᠭᠠᠯ ᠢ ᠬᠦᠴᠦᠯᠡᠨ ᠨᠡᠮᠡᠭᠳᠡᠭᠦᠯᠵᠦ᠂ ᠠᠷᠠᠳ ᠤᠨ | ᠠᠮᠢᠳᠤᠷᠠᠯ ᠢ ᠪᠠᠲᠤᠯᠠᠨ ᠰᠠᠶᠢᠵᠢᠷᠠᠭᠤᠯᠬᠤ ᠲᠠᠯ᠎ᠠ ᠪᠠᠷ ᠬᠦᠴᠦ ᠪᠠᠨ ᠲᠥᠪᠯᠡᠷᠡᠭᠦᠯᠦᠨ ᠰᠢᠪᠲᠤᠯᠤᠯᠲᠠ ᠬᠢᠨ᠎ᠡ | ᠠᠵᠢᠯ ᠣᠯᠭᠤᠯᠲᠠ ᠶᠢ ᠲᠡᠷᠢᠭᠦᠨ ᠳᠤ ᠲᠠᠯᠪᠢᠬᠤ ᠤᠳᠤᠷᠢᠳᠤᠮᠵᠢ ᠶᠢ ᠳᠣᠪᠤᠶᠢᠯᠭᠠᠨ᠎ᠠ᠃ | ᠰᠤᠷᠭᠠᠨ ᠬᠦᠮᠦᠵᠢᠯ ᠡᠮ ᠡᠮᠨᠡᠯᠭᠡ ᠶᠢᠨ ᠲᠥᠪᠰᠢᠨ ᠢ ᠳᠡᠭᠡᠭᠰᠢᠯᠡᠭᠦᠯᠦᠨ᠎ᠡ᠃ | ᠨᠡᠶᠢᠭᠡᠮ ᠤᠨ ᠪᠠᠲᠤᠯᠠᠭᠠᠨ ᠤ ᠡᠷᠴᠢᠮ ᠢ ᠴᠢᠩᠭᠠᠷᠠᠭᠤᠯᠤᠨ᠎ᠠ᠃ | ︵ᠨᠠᠢᠮᠠ︶ ᠬᠥᠭᠵᠢᠯᠲᠡ ᠶᠢᠨ ᠠᠮᠤᠷ ᠲᠦᠪᠰᠢᠨ ᠢ ᠬᠦᠴᠦᠯᠡᠨ ᠨᠢᠭᠡᠳᠦᠯᠲᠡᠶ ᠲᠥᠯᠥᠪᠵᠢᠭᠦᠯᠵᠦ᠂ ᠠᠮᠤᠷ | ᠠᠮᠤᠭᠤᠯᠠᠩ ᠨᠢᠩᠴᠧᠩ ᠢ ᠪᠠᠶᠢᠭᠤᠯᠬᠤ ᠲᠠᠯ᠎ᠠ ᠪᠠᠷ ᠬᠦᠴᠦ ᠪᠠᠨ ᠲᠥᠪᠯᠡᠷᠡᠭᠦᠯᠦᠨ ᠰᠢᠪᠲᠤᠯᠤᠯᠲᠠ ᠬᠢᠨ᠎ᠡ | ᠠᠮᠢ ᠠᠬᠤᠢ ᠶᠢᠨ ᠠᠮᠤᠷ ᠲᠦᠪᠰᠢᠨ ᠢ ᠡᠷᠡᠰ ᠪᠠᠲᠤ ᠰᠠᠬᠢᠨ᠎ᠠ᠃ | ᠠᠶᠤᠯ ᠲᠦᠭᠰᠢᠭᠦᠷᠢ ᠶᠢ ᠦᠨᠡᠨ ᠬᠦ ᠰᠡᠷᠭᠡᠶᠢᠯᠡᠨ ᠠᠷᠢᠯᠭᠠᠨ᠎ᠠ᠃ | ᠨᠡᠶᠢᠭᠡᠮ ᠤᠨ ᠵᠠᠰᠠᠯᠲᠠ ᠶᠢ ᠭᠦᠨᠵᠡᠭᠡᠶᠢᠷᠡᠭᠦᠯᠦᠨ ᠠᠬᠢᠭᠤᠯᠤᠨ᠎ᠠ᠃ | ᠲᠥᠯᠥᠭᠡᠯᠡᠭᠴᠢᠳ ᠡ᠂ ᠱᠠᠲᠤ ᠦᠶ᠎ᠡ ᠨᠢᠭᠡᠪᠦᠷᠢ ᠳᠤ ᠴᠥᠮ ᠱᠠᠲᠤ ᠦᠶ᠎ᠡ ᠨᠢᠭᠡᠪᠦᠷᠢ ᠶᠢᠨ ᠡᠭᠦᠷᠭᠡ | ᠬᠠᠷᠢᠭᠤᠴᠠᠯᠭ᠎ᠠ ᠲᠠᠢ ᠪᠣᠯᠬᠤᠷ ᠲᠠᠰᠤᠷᠠᠯᠲᠠ ᠦᠭᠡᠢ ᠨᠢᠭᠡ ᠭᠠᠷᠤᠭ᠎ᠠ ᠠᠴᠠ ᠳᠠᠷᠠᠭ᠎ᠠ ᠨᠢᠭᠡ ᠭᠠᠷᠤᠭ᠎ᠠ ᠳᠤ ᠬᠦᠷᠴᠦ᠂ | ᠰᠢᠨ᠎ᠡ ᠭᠡᠷᠡᠯ ᠰᠠᠴᠤᠷᠠᠩᠭᠤᠶ ᠠᠮᠵᠢᠯᠲᠠ ᠶᠢ ᠡᠭᠦᠳᠬᠦ ᠬᠡᠷᠡᠭᠲᠡᠢ᠃ ᠰᠢᠨ᠎ᠡ ᠨᠢᠭᠡ ᠵᠢᠯ ᠳᠤ᠂ ᠵᠢᠱᠢᠭᠰᠡᠨ | ᠬᠥᠭᠵᠢᠯᠲᠡ ᠶᠢᠨ ᠬᠠᠷᠠᠯᠲᠠ ᠶᠢ ᠰᠠᠶᠢᠲᠤᠷ ᠪᠡᠶᠡᠯᠡᠭᠦᠯᠬᠦ ᠪᠣᠯ ᠲᠡᠦᠬᠡ ᠶᠢᠨ ᠬᠦᠨᠳᠦ ᠡᠭᠦᠷᠭᠡ᠂ ᠠᠷᠠᠳ ᠲᠦᠮᠡᠨ ᠤ | ᠬᠦᠰᠡᠯ ᠡᠷᠡᠮᠡᠯᠵᠡᠯ ᠮᠥᠨ᠂ ᠨᠡᠩ ᠴᠤ ᠵᠠᠰᠠᠭ ᠤᠨ ᠣᠷᠳᠣᠨ ᠤ ᠰᠢᠰᠲ᠋ᠧᠮ ᠤᠨ ᠵᠠᠶᠢᠯᠠᠭᠤᠯᠵᠤ ᠪᠣᠯᠤᠰᠢ ᠦᠭᠡᠢ | ᠡᠭᠦᠷᠭᠡ ᠬᠠᠷᠢᠭᠤᠴᠠᠯᠭ᠎ᠠ ᠮᠥᠨ᠃ ᠪᠢᠳᠡ ᠨᠠᠮ ᠤᠨ ᠪᠦᠬᠦ ᠲᠠᠯ᠎ᠠ ᠶᠢᠨ ᠤᠳᠤᠷᠢᠳᠤᠯᠭ᠎ᠠ ᠶᠢ ᠪᠠᠷᠢᠮᠲᠠᠯᠠᠨ | ᠴᠢᠩᠭᠠᠳᠬᠠᠬᠤ ᠶᠢ ᠢᠮᠠᠭᠲᠠ ᠵᠠᠰᠠᠭ ᠤᠨ ᠣᠷᠳᠣᠨ ᠤ ᠠᠵᠢᠯ ᠤᠨ ᠪᠦᠬᠦ ᠶᠠᠪᠤᠴᠠ ᠶᠢᠨ ᠡᠯ᠎ᠡ ᠲᠠᠯ᠎ᠠ ᠳᠤ | ᠲᠤᠭᠤᠰᠢᠯᠠᠭᠤᠯᠵᠦ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ | ᠵᠢᠷᠤᠮ ᠤᠨ ᠦᠵᠡᠯ ᠰᠠᠨᠠᠭ᠎ᠠ ᠪᠠᠷ ᠰᠡᠳᠬᠢᠯ ᠨᠢᠭᠡᠳᠦᠨ ᠰᠦᠭ ᠰᠦᠨᠡᠰᠦ ᠶᠢ ᠱᠤᠭᠤᠬᠤ ᠶᠢ ᠴᠥᠬᠦᠷᠡᠰᠢ ᠦᠭᠡᠢ | ᠪᠠᠷᠢᠮᠲᠠᠯᠠᠵᠤ᠂ ︽ᠬᠤᠶᠠᠷ ᠢ ᠲᠣᠭᠲᠠᠭᠠᠬᠤ︾ ᠶᠢ ᠡᠷᠡᠰ ᠬᠠᠮᠠᠭᠠᠯᠠᠵᠤ᠂ ︽ᠬᠤᠶᠠᠷ ᠢ ᠬᠠᠮᠠᠭᠠᠯᠠᠬᠤ︾ ᠶᠢ ᠡᠷᠡᠰ | ᠪᠡᠶᠡᠯᠡᠭᠦᠯᠦᠨ᠎ᠡ᠃ ᠬᠠᠤᠯᠢ ᠶᠣᠰᠣᠭᠠᠷ ᠵᠠᠰᠠᠭ ᠶᠠᠪᠤᠭᠤᠯᠬᠤ ᠶᠢ ᠢᠮᠠᠭᠲᠠ ᠪᠠᠷᠢᠮᠲᠠᠯᠠᠵᠤ᠂ ᠤᠬᠠᠮᠰᠠᠷ ᠠᠴᠠ ᠪᠠᠨ | ᠬᠠᠤᠯᠢ ᠪᠠᠷ ᠵᠠᠰᠠᠬᠤ ᠰᠡᠳᠬᠢᠬᠦᠶ ᠪᠠ ᠬᠠᠤᠯᠢ ᠪᠠᠷ ᠵᠠᠰᠠᠬᠤ ᠠᠷᠭ᠎ᠠ ᠮᠠᠶ᠋ᠢᠭ ᠢ ᠬᠡᠷᠡᠭᠯᠡᠨ ᠥᠭᠡᠷᠡᠴᠢᠯᠡᠯᠲᠡ ᠶᠢ | ᠭᠦᠨᠵᠡᠭᠡᠶᠢᠷᠡᠭᠦᠯᠦᠨ᠂ ᠬᠥᠭᠵᠢᠯᠲᠡ ᠶᠢ ᠠᠬᠢᠭᠤᠯᠵᠤ᠂ ᠵᠠᠰᠠᠭ ᠤᠨ ᠣᠷᠳᠣᠨ ᠤ ᠠᠵᠢᠯ ᠢ ᠬᠠᠤᠯᠢ ᠪᠠᠷ ᠵᠠᠰᠠᠬᠤ | ᠠᠵᠢᠯᠯᠠᠭᠠᠨ ᠤ ᠵᠠᠮ ᠳᠤ ᠪᠦᠬᠦ ᠲᠠᠯ᠎ᠠ ᠪᠠᠷ ᠣᠷᠣᠭᠤᠯᠤᠨ᠎ᠠ᠃ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠬᠢᠨᠠᠯᠲᠠ ᠶᠢ ᠬᠠᠤᠯᠢ ᠶᠣᠰᠣᠭᠠᠷ ᠬᠦᠯᠢᠶᠡᠵᠦ᠂ ᠤᠯᠤᠰ ᠲᠦᠷᠦ ᠶᠢᠨ ᠵᠥᠪᠯᠡᠯᠭᠡᠨ ᠤ ᠬᠢᠨᠠᠯᠲᠠ᠂ ᠬᠢᠨᠠᠨ ᠪᠠᠶᠢᠴᠠᠭᠠᠬᠤ | ᠬᠢᠨᠠᠯᠲᠠ᠂ ᠬᠠᠤᠯᠢ ᠴᠠᠭᠠᠵᠠ ᠶᠢᠨ ᠬᠢᠨᠠᠯᠲᠠ ᠶᠢ ᠤᠬᠠᠮᠰᠠᠷ ᠠᠴᠠ ᠪᠠᠨ ᠬᠦᠯᠢᠶᠡᠵᠦ᠂ ᠨᠡᠶᠢᠭᠡᠮ ᠪᠠ ᠶᠠᠷᠢᠶ᠎ᠠ | ᠬᠡᠯᠡᠯᠴᠡᠭᠡᠨ ᠤ ᠬᠢᠨᠠᠯᠲᠠ ᠶᠢ ᠰᠠᠨᠠᠭᠠᠴᠢᠯᠠᠭ᠎ᠠ ᠠᠴᠠ ᠪᠠᠨ ᠬᠦᠯᠢᠶᠡᠵᠦ᠂ ᠵᠠᠰᠠᠭ ᠤᠨ ᠶᠠᠪᠤᠳᠠᠯ ᠢ ᠢᠯᠡ ᠪᠣᠯᠭᠠᠬᠤ ᠶᠢ | ᠪᠦᠬᠦ ᠲᠠᠯ᠎ᠠ ᠪᠠᠷ ᠭᠦᠨᠵᠡᠭᠡᠶᠢᠷᠡᠭᠦᠯᠵᠦ᠂ ᠵᠠᠰᠠᠭ ᠵᠠᠬᠢᠷᠭᠠᠨ ᠤ ᠡᠷᠬᠡ ᠶᠢ ᠢᠮᠠᠭᠲᠠ ᠢᠯᠡ ᠪᠠᠷ ᠬᠡᠷᠡᠭᠵᠢᠭᠦᠯᠵᠦ᠂ | ᠠᠷᠠᠳ ᠤᠨ ᠬᠦᠰᠡᠯ ᠡᠷᠡᠮᠡᠯᠵᠡᠯ ᠢ ᠦᠨᠡᠨ ᠬᠦ ᠵᠠᠰᠠᠭ ᠶᠠᠪᠤᠭᠤᠯᠬᠤ ᠬᠠᠨᠳᠤᠰᠢ ᠪᠣᠯᠭᠠᠬᠤ ᠬᠡᠷᠡᠭᠲᠡᠢ᠃ | ᠨᠠᠶᠢᠳᠠᠪᠤᠷᠢᠵᠢᠭᠤᠯᠤᠯᠲᠠ ᠶᠢ ᠠᠳᠬᠤᠬᠤ ᠶᠢ ᠢᠮᠠᠭᠲᠠ ᠨᠢᠭᠡᠳᠦᠭᠡᠷ ᠬᠠᠷᠢᠭᠤᠴᠠᠯᠭ᠎ᠠ ᠪᠣᠯᠭᠠᠵᠤ᠂ ᠮᠣᠩᠭᠤᠯ ᠮᠣᠷᠢᠨ ᠤ | ᠵᠣᠷᠢᠭ ᠰᠠᠨᠠᠭ᠎ᠠ ᠶᠢ ᠶᠡᠬᠡᠪᠡᠷ ᠪᠠᠳᠠᠷᠠᠭᠤᠯᠵᠤ᠂ ᠰᠢᠶᠠᠨ ᠤ ᠨᠠᠮ ᠤᠨ ᠬᠤᠷᠢᠶ᠎ᠠ ᠶᠢᠨ ᠠᠵᠢᠯ ᠤᠨ ᠱᠠᠭᠠᠷᠳᠠᠯᠭ᠎ᠠ ᠶᠢ ᠪᠥᠬᠦ | ᠲᠠᠯ᠎ᠠ ᠪᠠᠷ ᠨᠠᠶᠢᠳᠠᠪᠤᠷᠢᠵᠢᠭᠤᠯᠵᠤ᠂ ᠦᠷ᠎ᠡ ᠪᠦᠲᠦᠭᠡᠯ ᠢᠶᠠᠷ ᠢᠶᠠᠨ ᠦᠭᠡ ᠬᠡᠯᠡᠵᠦ᠂ ᠪᠣᠳᠠᠲᠤ ᠠᠮᠵᠢᠯᠲᠠ | ᠪᠦᠲᠦᠮᠵᠢ ᠪᠠᠷ ᠢᠶᠠᠨ ᠰᠢᠯᠭᠠᠯᠲᠠ ᠶᠢᠨ ᠬᠠᠭᠤᠳᠠᠰᠤ ᠶᠢ ᠲᠤᠰᠢᠶᠠᠵᠤ᠂ ᠨᠢᠩᠴᠧᠩ ᠤᠨ ᠡᠬᠡ ᠭᠠᠵᠠᠷ ᠲᠤ | ᠬᠠᠳᠠᠭᠠᠯᠠᠭᠳᠠᠵᠤ ᠪᠠᠶᠢᠭ᠎ᠠ ᠠᠮᠢᠵᠢᠷᠠᠯ ᠤᠨ ᠬᠦᠴᠦᠨ ᠢ ᠤᠯᠠᠮ ᠨᠢᠭᠡ ᠠᠯᠬᠤᠮ ᠬᠥᠭᠵᠢᠭᠡᠵᠦ᠂ ᠺᠠᠳ᠋ᠷ ᠣᠯᠠᠨ | ᠲᠦᠮᠡᠨ ᠤ ᠴᠢᠰᠤᠨ ᠰᠤᠳᠠᠰᠤᠨ ᠳᠤ ᠤᠷᠤᠰᠴᠤ ᠪᠠᠶᠢᠭ᠎ᠠ ᠡᠷᠴᠢ ᠵᠣᠷᠢᠭ ᠢ ᠲᠠᠶᠢᠴᠢᠯᠠᠬᠤ ᠬᠡᠷᠡᠭᠲᠡᠶ᠃ ᠪᠦᠬᠦ | ᠲᠠᠯ᠎ᠠ ᠪᠠᠷ ᠨᠠᠮ ᠢ ᠴᠢᠩᠭ᠎ᠠ ᠵᠠᠰᠠᠬᠤ ᠭᠤᠣᠯ ᠴᠣᠭᠴᠠ ᠶᠢᠨ ᠬᠠᠷᠢᠭᠤᠴᠠᠯᠭ᠎ᠠ ᠶᠢ ᠢᠮᠠᠭᠲᠠ ᠴᠢᠩᠭ᠎ᠠ ᠭᠦᠢᠴᠡᠳᠬᠡᠵᠦ᠂ | ᠬᠡᠯᠪᠡᠷᠢᠴᠢ ᠦᠵᠡᠯ᠂ ᠨᠣᠶᠠᠨᠴᠢ ᠰᠤᠷᠲᠠᠯ ᠢ ᠴᠢᠩᠭ᠎ᠠ ᠴᠡᠭᠡᠷᠯᠡᠵᠦ᠂ ᠢᠯᠵᠠᠷᠠᠬᠤ ᠠᠴᠠ ᠵᠢᠷᠦᠬᠡᠰᠢᠶᠡᠬᠦ᠂ ᠢᠯᠵᠠᠷᠠᠵᠤ | ᠪᠣᠯᠬᠤ ᠦᠭᠡᠢ᠂ ᠢᠯᠵᠠᠷᠠᠬᠤ ᠶᠢ ᠪᠤᠳᠤᠬᠤ ᠦᠭᠡᠢ ᠪᠠᠶᠢᠬᠤ ᠶᠢ ᠨᠢᠭᠡ ᠴᠤᠭᠴᠠᠵᠢᠭᠤᠯᠤᠨ ᠠᠬᠢᠭᠤᠯᠬᠤ ᠬᠡᠷᠡᠭᠲᠡᠢ᠃ | ᠪᠣᠳᠠᠲᠠᠢ ᠶᠢ ᠡᠷᠬᠢᠮᠯᠡᠬᠦ ᠰᠤᠷᠲᠠᠯ᠂ ᠠᠷᠢᠭᠤᠨ ᠴᠢᠬᠡᠴᠢ ᠰᠤᠷᠲᠠᠯ᠂ ᠪᠣᠷᠣᠭᠵᠢᠭᠤᠨ ᠰᠤᠷᠲᠠᠯ ᠢ ᠶᠡᠬᠡᠪᠡᠷ ᠮᠠᠨᠳᠤᠭᠤᠯᠵᠤ | ᠂ ︽ᠭᠠᠮᠨᠠᠨ ᠠᠮᠢᠳᠤᠷᠠᠬᠤ︾ ᠦᠵᠡᠯ ᠰᠠᠨᠠᠭ᠎ᠠ ᠶᠢ ᠪᠠᠲᠤ ᠪᠤᠢ ᠪᠣᠯᠭᠠᠵᠤ᠂ ᠪᠦᠬᠦ ᠬᠦᠴᠦᠨ ᠢᠶᠠᠷ ᠢᠶᠠᠨ ᠴᠢᠷᠮᠠᠶᠢᠵᠤ᠂ | ᠴᠢᠳᠠᠯ ᠤᠨ ᠢᠶᠠᠨ ᠬᠢᠷᠢ ᠪᠠᠷ ᠬᠢᠵᠦ᠂ ᠲᠦᠷᠢ ᠲᠥᠷᠬᠦ ᠶᠢᠨ ᠢᠨᠵᠧᠨᠧᠷᠢᠩ ᠢ ᠡᠷᠡᠰ ᠬᠤᠷᠢᠭᠯᠠᠵᠤ᠂ ᠡᠳ᠋ ᠤᠨ | ᠵᠠᠰᠠᠭ ᠤᠨ ᠪᠡᠯᠡ ᠮᠥᠩᠭᠦ ᠶᠢᠨ ᠦᠷ᠎ᠡ ᠠᠰᠢᠭ ᠢ ᠬᠠᠮᠤᠭ ᠤᠨ ᠶᠡᠭᠡ ᠬᠡᠮᠵᠢᠶ᠎ᠡ ᠪᠠᠷ ᠪᠠᠳᠠᠷᠠᠭᠤᠯᠵᠤ᠂ ᠠᠷᠠᠳ | ᠲᠦᠮᠡᠨ ᠳᠤ ᠲᠠᠭᠠᠰᠢᠶᠠᠭᠳᠠᠭᠰᠠᠨ ᠵᠠᠰᠠᠭ ᠤᠨ ᠣᠷᠳᠣᠨ ᠢ ᠪᠦᠬᠦ ᠬᠦᠴᠦᠨ ᠢᠶᠠᠷ ᠢᠶᠠᠨ ᠪᠠᠶᠢᠭᠤᠯᠬᠤ ᠬᠡᠷᠡᠭᠲᠡᠢ᠃ | ᠲᠥᠯᠥᠭᠡᠯᠡᠭᠴᠢᠳ ᠡ︕ ᠪᠢᠳᠡ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ | ᠬᠤᠷᠢᠶᠠᠨ ᠤ ᠲᠣᠭᠤᠷᠢᠨ ᠳᠤ ᠨᠡᠩ ᠨᠢᠭᠲᠠᠷᠠᠨ ᠪᠦᠯᠬᠦᠮᠳᠡᠵᠦ᠂ ᠰᠢᠶᠠᠨ ᠤ ᠨᠠᠮ ᠤᠨ ᠬᠤᠷᠢᠶᠠᠨ ᠤ ᠪᠠᠲᠤ ᠴᠢᠩᠭ᠎ᠠ | ᠤᠳᠤᠷᠢᠳᠤᠯᠭ᠎ᠠ ᠳᠣᠣᠷ᠎ᠠ᠂ ᠢᠲᠡᠭᠡᠯ ᠵᠣᠷᠢᠭ ᠢᠶᠠᠨ ᠪᠠᠲᠤᠳᠬᠠᠵᠤ᠂ ᠡᠷᠡᠮᠡᠬᠡᠶᠢᠯᠡᠨ ᠤᠷᠤᠭᠰᠢᠯᠠᠵᠤ᠂ ᠰᠢᠷᠭᠠᠭᠤ | ᠬᠠᠲᠠᠭᠤᠵᠢᠯᠲᠠᠢ ᠠᠵᠢᠯᠯᠠᠵᠤ᠂ ᠥᠷᠯᠥᠭᠡ ᠦᠳᠡᠰᠢ ᠶᠢ ᠲᠡᠮᠡᠴᠡᠵᠦ᠂ ᠳᠤᠮᠳᠠᠳᠤ ᠤᠯᠤᠰ ᠤᠨ ᠮᠠᠶ᠋ᠢᠭ ᠤᠨ | ᠣᠳᠣᠬᠢᠴᠢᠯᠠᠭᠰᠠᠨ ᠨᠢᠩᠴᠧᠩ ᠤᠨ ᠦᠢᠯᠡᠳᠦᠯᠭᠡ ᠶᠢᠨ ᠬᠠᠭᠤᠳᠠᠰᠤ ᠶᠢ ᠴᠢᠷᠮᠠᠶᠢᠨ ᠪᠢᠴᠢᠭᠯᠡᠬᠦ ᠶᠢᠨ ᠲᠥᠯᠥᠭᠡ | ᠴᠢᠷᠮᠠᠶᠢᠨ ᠲᠡᠮᠡᠴᠡᠵᠡᠭᠡᠶ᠎ᠡ︕ |